ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-17
     6 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠠᠭᠤ ᠠᠷᠪᠠᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ  ᠢ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠱᠠᠨ ᠰᠢ ᠳᠤ ᠰᠤᠳᠤᠯᠤᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠶᠡᠷᠦᠩᠬᠡᠶ ᠱᠦᠵᠢ ᠰᠢ ᠶᠢᠨ ᠫᠢᠩ ᠤᠨ ᠨᠢᠩᠰᠢᠶᠠ ᠳᠤ ᠠᠵᠢᠯ ᠪᠠᠶᠢᠴᠠᠭᠠᠬᠤ ᠳᠠᠭᠠᠨ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ   ᠤᠨ ᠢᠷᠭᠡᠨ ᠤ ᠬᠠᠤᠯᠢ ᠶᠢᠨ ᠪᠢᠴᠢᠭ︾᠂ ︽ᠦᠢᠯᠡᠳᠥᠯᠭᠡ︾ ᠰᠡᠳᠬᠦᠯ ᠳᠡᠭᠡᠷ᠎ᠡ ᠨᠡᠶᠢᠳᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠡᠶᠡᠯᠡᠭᠦᠯᠭᠦ ᠳᠤᠲᠠᠭᠤᠳᠠᠯ ᠢ ᠨᠥᠬᠦᠪᠥᠷᠢᠯᠡᠬᠦ ᠠᠰᠠᠭᠤᠳᠠᠯ ᠤᠨ ᠲᠤᠬᠠᠶ︾᠂ ᠶᠡᠷᠦᠩᠬᠡᠢ ᠱᠦᠵᠢ ᠰᠢ ᠶᠢᠨ ᠫᠢᠩ ᠤᠨ ᠲᠤᠰᠬᠠᠢ ᠮᠡᠷᠭᠡᠵᠢᠯᠲᠡᠨ ᠡᠷᠳᠡᠮᠲᠡᠳ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠤᠨ᠎ᠠ ᠶᠢ ᠤᠯᠠᠮᠵᠢᠯᠠᠨ ᠰᠤᠷᠤᠯᠴᠠᠵᠠᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠳᠥᠯᠥᠪᠵᠢᠭᠦᠯᠭᠡ ᠶᠢᠨ ᠰᠡᠭᠦᠯ ᠤᠨ ᠵᠢᠯ ᠳᠤ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ ᠴᠢᠬᠤᠯᠠ ᠶᠠᠷᠢᠶ᠎ᠠ ᠳᠠᠯᠪᠢᠵᠤ᠂ ᠤᠳᠬ᠎ᠠ ᠠᠭᠤᠯᠠᠨ᠎ᠠ ᠶᠡᠷᠦ ᠶᠢᠨ ᠪᠤᠰᠤ᠃ ᠪᠢᠳᠡ ᠵᠠᠪᠠᠯ ᠴᠠᠭ ᠤᠨ ᠪᠠᠶᠢᠳᠠᠯ ᠲᠠᠢ ᠤᠶᠠᠯᠳᠤᠭᠤᠯᠵᠤ᠂ ᠪᠥᠬᠦ ᠳᠠᠯ᠎ᠠ ᠳᠤ ᠰᠠᠭᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠷᠢᠨ ᠤᠩᠰᠢᠵᠤ ᠨᠠᠷᠢᠨ ᠣᠶᠢᠯᠠᠭᠠᠵᠤ᠂ ᠭᠤᠣᠯ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠳᠡᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠯᠭᠠᠵᠤ᠂ ᠮᠡᠳᠡᠬᠦᠶ ᠬᠢᠬᠦᠶ ᠶᠢ ᠨᠢᠭᠡᠳᠬᠡᠬᠦ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠯ᠎ᠡ ᠵᠥᠢᠯ ᠤᠨ ᠰᠢᠢᠳᠪᠥᠷᠢᠳᠥ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠪᠣᠳᠠᠲᠠᠶ ᠠᠵᠢᠯ ᠤᠨ ᠳᠤᠮᠳᠠ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ ᠤᠯᠠᠨ ᠲᠦᠮᠡᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠶᠠᠮᠠᠷᠪᠠ ᠠᠰᠠᠭᠤᠳᠠᠯ ᠢ ᠪᠤᠳᠤᠯᠬᠢᠯᠠᠬᠤ᠂ ᠶᠠᠮᠠᠷᠪᠠ ᠰᠢᠶ᠋ᠳᠪᠦᠷᠢᠲᠦ ᠪᠤᠳᠤᠯᠭ᠎ᠠ ᠲᠣᠭᠲᠠᠭᠠᠬᠤ᠂ ᠶᠠᠮᠠᠷᠪᠠ ᠤᠴᠢᠷ ᠶᠠᠪᠤᠳᠠᠯ ᠢ ᠬᠢᠬᠦ ᠳᠤ ᠴᠥᠮ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠵᠦᠢᠯ ᠳᠤ ᠬᠠᠷᠢᠭᠤᠯᠲᠠ ᠥᠭᠬᠦ ᠬᠡᠷᠡᠭᠲᠡᠶ᠃ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠥ᠂ ᠰᠢᠨ᠎ᠡ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠰᠣᠶᠣᠯ ᠢ ᠣᠶᠢᠯᠠᠭᠠᠵᠤ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠢᠷᠭᠡᠨ ᠤ ᠬᠠᠤᠯᠢ ᠶᠢᠨ ᠪᠢᠴᠢᠭ ᠢ ᠨᠡᠶᠢᠲᠡᠯᠡᠵᠦ ᠬᠡᠷᠡᠭᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠴᠢᠩᠭᠠᠳᠬᠠᠬᠤ ᠬᠡᠷᠡᠭᠲᠡᠶ᠃ ᠬᠤᠰᠢᠭᠤ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠬᠠᠤᠯᠢ ᠴᠠᠭᠠᠵᠠ ᠶᠢ ᠰᠤᠷᠴᠤ ᠬᠡᠷᠡᠭᠯᠡᠵᠥ᠂ ᠢᠷᠭᠡᠨ ᠤ ᠬᠠᠤᠯᠢ ᠶᠢᠨ ᠪᠢᠴᠢᠭ ᠤᠨ ᠡᠯ᠎ᠡ ᠵᠦᠶ᠋ᠯ ᠤᠨ ᠰᠢᠨ᠎ᠡ ᠲᠣᠭᠲᠠᠭᠠᠯ ᠰᠢᠨ᠎ᠡ ᠵᠣᠷᠢᠭ ᠰᠠᠨᠠᠭ᠎ᠠ ᠰᠢᠨ᠎ᠡ ᠱᠠᠭᠠᠷᠳᠠᠯᠭ᠎ᠠ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠪᠦᠬᠦ ᠶᠠᠪᠤᠴᠠ ᠳᠤ ᠦᠨᠡᠨ ᠬᠦ ᠲᠤᠤᠱᠯᠠᠭᠤᠯᠵᠤ᠂ ᠤᠯᠠᠨ ᠳᠥᠮᠡᠨ ᠤ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠨᠠᠩ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠮ ᠡᠮᠨᠡᠯᠭᠡ ᠶᠢᠨ ᠡᠬᠢ ᠪᠠᠶᠠᠯᠢᠭ ᠢ ᠨᠢᠭᠡᠳᠬᠡᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠥ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠥᠨᠵᠡᠭᠡᠶᠢᠷᠡᠭᠦᠯᠵᠥ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ  ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠬᠠᠷᠭᠤᠭᠤᠯᠵᠤ᠂ ︽ᠳᠤᠲᠠᠭᠤᠳᠠᠯ ᠢ ᠨᠥᠬᠦᠪᠥᠷᠢᠯᠡᠬᠦ︾ ᠶᠢ ᠳᠣᠪᠤᠶᠢᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠭᠤᠤᠯᠳᠠᠯᠭ᠎ᠠ ᠲᠠᠢ ᠬᠦᠴᠢᠷᠳᠡᠯ ᠪᠣᠯᠤᠨ ᠠᠵᠢᠯ ᠤᠨ ᠬᠦᠴᠦᠯᠡᠬᠦ ᠴᠡᠭ ᠢ ᠣᠨᠣᠪᠴᠢᠲᠠᠶ ᠡᠵᠡᠮᠳᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠴᠢᠩᠭᠠᠳᠬᠠᠨ᠎ᠠ᠃      ᠬᠤᠷᠠᠯ ᠡᠴᠠ‌ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠪᠣᠯ ᠮᠠᠨ ᠤ ᠤᠯᠤᠰ ᠤᠨ ᠰᠢᠨ᠎ᠡ  ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠨ ᠡᠵᠡᠮᠳᠡᠬᠦ ᠪᠠᠶᠢᠯᠳᠤᠭᠠᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠤᠯᠬᠤ ᠱᠠᠲᠤᠨ ᠳᠤ ᠤᠷᠤᠭᠰᠠᠨ ᠴᠢᠬᠤᠯᠠ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠨᠠᠶᠢᠳᠠᠪᠤᠷᠢᠵᠢᠭᠤᠯᠤᠯᠲᠠ ᠶᠢ ᠨᠢᠭᠡ ᠴᠤᠭᠴᠠᠯᠠᠨ ᠰᠠᠶᠢᠲᠤᠷ ᠠᠳᠬᠤᠵᠤ᠂ ᠬᠤᠷᠠᠯ ᠤᠨ ᠵᠣᠷᠢᠭ ᠰᠠᠨᠠᠭ᠎ᠠ ᠶᠢ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠯᠠᠪᠳᠠᠭᠤᠨ ᠪᠠᠲᠤᠲᠠᠶ ᠠᠵᠢᠯᠯᠠᠭ᠎ᠠ ᠪᠠ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃      ᠬᠤᠷᠠᠯ ᠠᠴᠠ ︽ᠪᠥᠬᠦ ᠤᠯᠤᠰ ᠤᠨ ︿ᠬᠤᠶᠠᠷ ᠬᠤᠷᠠᠯ﹀ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠬᠠᠶ ᠠᠵᠢᠯ ᠤᠨ ᠲᠥᠰᠦᠯ︾᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ᠠᠷᠢᠭᠤᠨ ᠴᠢᠬᠡᠴᠢ ᠥᠪᠥᠷ ᠮᠣᠩᠭᠤᠯ ᠢ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠦᠯ︾᠂ ︽ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ 2020 ᠣᠨ ᠤ ᠵᠥᠪᠯᠡᠬᠦ ᠲᠥᠯᠥᠪᠯᠡᠭᠡ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠠᠵᠢᠯ ᠤᠨ ᠭᠤᠤᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号