ᠮᠠᠨ ᠤ ᠬᠤᠰᠢᠭᠤᠨ ᠤ ᠳᠣᠯᠣᠭᠠᠨ ᠤᠰᠤᠨ ᠴᠥᠭᠦᠷᠥᠮ ᠪᠦᠬᠦ ᠲᠠᠯ᠎ᠠ ᠪᠠᠷ ᠦᠶᠡᠷ ᠢ ᠰᠡᠷᠭᠡᠶᠢᠯᠡᠬᠦ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2020-06-17
     ᠥᠨᠥᠳᠦᠷ ᠠᠴᠠ ᠡᠬᠢᠯᠡᠨ᠂ ᠮᠠᠨ ᠤ ᠬᠤᠰᠢᠭᠤᠨ ᠤ ᠳᠣᠯᠣᠭᠠᠨ ᠤᠰᠤᠨ ᠴᠥᠭᠦᠷᠥᠮ 2020 ᠣᠨ ᠤ ᠦᠶᠡᠷ ᠢ ᠰᠡᠷᠭᠡᠶᠢᠯᠡᠬᠦ ᠱᠠᠳᠣᠨ ᠳᠤ ᠪᠦᠬᠦ ᠲᠠᠯ᠎ᠠ ᠪᠠᠷ ᠣᠷᠣᠪᠠ᠃ 6 ᠰᠠᠷ᠎ᠠ ᠶᠢᠨ 15 ᠠᠴᠠ 9 ᠰᠠᠷ᠎ᠠ ᠶᠢᠨ 15 ᠤ ᠡᠳᠦᠷ ᠪᠣᠯᠲᠠᠯᠠᠬᠢ ᠬᠤᠭᠤᠴᠠᠭᠠᠨ ᠳᠤ᠂ 24 ᠴᠠᠭ ᠤᠨ ᠦᠶᠡᠷ ᠤᠨ ᠬᠤᠭᠤᠴᠠᠭᠠᠨ ᠤ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠴᠠᠭ ᠢᠮᠠᠭᠲᠠ ᠡᠭᠦᠰᠴᠦ ᠮᠡᠳᠡᠬᠦ ᠦᠶᠡᠷ ᠤᠨ ᠪᠠᠶᠢᠳᠠᠯ ᠢ ᠠᠷᠭᠠᠴᠠᠨ᠎ᠠ᠃ ᠤᠰᠤᠨ ᠴᠥᠭᠦᠷᠥᠮ ᠪᠦᠷᠢ ᠳᠤ 1  ᠤᠳᠤᠷᠢᠳᠤᠯᠭ᠎ᠠ ᠪᠣᠯᠤᠨ 2 ᠵᠢᠵᠢᠭᠦᠷᠯᠡᠭᠴᠢ ᠶᠢ 24 ᠴᠠᠭ ᠵᠢᠵᠢᠭᠦᠷᠯᠡᠵᠦ᠂ ᠵᠢᠵᠢᠭᠦᠷᠯᠡᠭᠴᠢ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠵᠢᠵᠢᠭᠦᠷ ᠤᠨ ᠲᠡᠮᠳᠡᠭᠯᠡᠯ ᠢ ᠰᠠᠶᠢᠳᠣᠷ ᠬᠢᠵᠥ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠪᠣᠷᠣᠭᠠᠨ ᠤ ᠪᠠᠶᠢᠳᠠᠯ ᠂ ᠤᠰᠤᠨ ᠤ ᠪᠠᠶᠢᠳᠠᠯ ᠂ ᠦᠶᠡᠷ ᠤᠨ ᠪᠠᠶᠢᠳᠠᠯ ᠂ ᠠᠶᠤᠯ ᠤᠨ ᠪᠠᠶᠢᠳᠠᠯ ᠂ ᠭᠠᠮᠰᠢᠭ ᠤᠨ ᠪᠠᠶᠢᠳᠠᠯ ᠢ ᠴᠠᠭ ᠲᠤᠬᠠᠶ ᠳᠤᠨᠢ ᠳᠠᠮᠵᠢᠭᠤᠯᠬᠤ ᠶᠢ ᠦᠨᠡᠨᠬᠦ ᠪᠠᠲᠤᠯᠠᠵᠤ᠂ ᠭᠡᠨᠡᠳᠲᠡ ᠶᠢᠨ ᠠᠶᠤᠯ ᠤᠨ ᠪᠠᠶᠢᠳᠠᠯ ᠂ ᠦᠶᠡᠷ ᠤᠨ ᠪᠠᠶᠢᠳᠠᠯ  ᠡᠭᠦᠰᠬᠦ ᠶᠢ ᠰᠡᠷᠭᠡᠶᠢᠯᠡᠨ᠂ 2020 ᠣᠨ ᠳᠤ ᠪᠦᠬᠦ ᠬᠤᠰᠢᠭᠤᠨ ᠤ ᠳᠣᠯᠣᠭᠠᠨ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号