6 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠳᠣ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠳᠣᠷᠠᠭᠰᠠᠨ ᠰᠤᠷᠪᠤᠯᠵᠢᠯᠠᠭ᠎ᠠ ᠬᠦᠯᠢᠶᠡᠬᠦ ᠳᠥᠪ ᠲᠤ | ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠤᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ | ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠣᠯᠠᠨ ᠢ ᠢᠮᠠᠭᠲᠠ | ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠣᠯᠠᠨ ᠲᠦᠮᠡᠨ ᠤ ᠲᠤᠰᠬᠠᠭᠰᠠᠨ | ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠬᠠᠤᠯᠢ ᠶᠣᠰᠣᠭᠠᠷ ᠪᠦᠲᠦᠮᠵᠢᠲᠡᠶ ᠰᠠᠶᠢᠳᠤᠷ ᠰᠢᠢᠳᠪᠥᠷᠢᠯᠡᠵᠥ᠂ | ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠳᠤ ᠨᠡᠩ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ | ᠪᠣᠯᠭᠠᠵᠤ ᠥᠭᠭᠦᠨ᠎ᠡ᠃ | | ᠰᠤᠷᠪᠤᠯᠵᠢᠯᠠᠭ᠎ᠠ ᠶᠢ ᠬᠦᠯᠢᠶᠡᠨ ᠠᠪᠬᠤ ᠳᠤᠮᠳᠠ᠂ ᠯᠢᠦ ᠬᠠᠢ ᠴᠢᠤᠸᠠᠨ ᠪᠣᠯᠤᠨ ᠰᠤᠷᠪᠤᠯᠵᠢᠯᠠᠷ᠎ᠠ ᠢᠷᠡᠭᠰᠡᠨ | ᠣᠯᠠᠨ ᠲᠦᠮᠡᠨ ᠨᠢᠭᠤᠷᠳᠠᠨ ᠶᠠᠷᠢᠯᠴᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ | ᠬᠤᠯᠪᠣᠭᠳᠠᠯ ᠪᠦᠬᠦᠢ ᠪᠠᠶᠢᠳᠠᠯ ᠢ ᠨᠠᠷᠢᠨ ᠠᠰᠠᠭᠤᠵᠤ᠂ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ | ᠰᠢᠢᠳᠪᠥᠷᠢᠯᠡᠬᠦ ᠬᠡᠷᠡᠭᠲᠡᠶ ᠬᠡᠵᠠᠢ᠃ ᠰᠤᠷᠪᠤᠯᠵᠢᠯᠠᠷ᠎ᠠ ᠢᠷᠡᠭᠰᠡᠨ ᠣᠯᠠᠨ ᠲᠦᠮᠡᠨ ᠤ ᠬᠠᠮᠢᠶ᠎ᠠ ᠪᠦᠬᠦᠢ ᠲᠠᠨᠢᠯᠴᠠᠭᠤᠯᠭ᠎ᠠ | ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠨ ᠰᠢᠢᠳᠪᠥᠷᠢᠯᠡᠭᠰᠡᠨ ᠪᠠᠶᠢᠳᠠᠯ ᠢ ᠭᠥᠢᠴᠡᠳ ᠰᠣᠨᠣᠰᠤᠭᠰᠠᠨ ᠤ ᠳᠠᠷᠠᠭ᠎ᠠ᠂ | ᠯᠢᠦ ᠬᠠᠶ ᠴᠢᠤᠸᠠᠨ ᠰᠤᠷᠪᠤᠯᠵᠢᠯᠠᠷ᠎ᠠ ᠢᠷᠡᠭᠰᠡᠨ ᠣᠯᠠᠨ ᠲᠦᠮᠡᠨ ᠳᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠬᠤ ᠠᠵᠢᠯ ᠢ ᠢᠳᠡᠪᠬᠢᠲᠡᠶ ᠪᠠᠷ ᠨᠠᠷᠢᠨ ᠨᠢᠮᠪᠠᠶ ᠬᠢᠭᠰᠡᠨ ᠪᠥᠭᠡᠳ ᠬᠠᠮᠢᠶ᠎ᠠ ᠪᠦᠬᠦᠢ ᠪᠠᠶᠢᠭᠤᠯᠭ᠎ᠠ ᠳᠤ | ᠣᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠠᠮᠤᠷ ᠲᠦᠪᠰᠢᠨ ᠢ ᠰᠡᠳᠬᠢᠯ ᠳᠡᠭᠡᠨ ᠪᠣᠳᠣᠬᠤ ᠬᠡᠷᠡᠭᠲᠡᠶ ᠭᠡᠵᠦ | ᠵᠠᠬᠢᠵᠠᠶ᠃ ᠤᠴᠢᠷ ᠶᠠᠪᠤᠳᠠᠯ ᠢ ᠰᠢᠢᠳᠪᠥᠷᠢᠯᠡᠬᠦ ᠶᠢ ᠪᠠᠷᠢᠮᠲᠠᠯᠠᠵᠤ᠂ ᠬᠠᠤᠯᠢ ᠲᠣᠭᠲᠠᠭᠠᠯ ᠶᠣᠰᠣᠭᠠᠷ ᠤᠯᠠᠨ ᠲᠦᠮᠡᠨ ᠤ | ᠵᠥᠢ ᠵᠣᠬᠢᠰᠳᠠᠢ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠥᠷᠢᠯᠡᠨ᠎ᠡ᠃ | | ᠯᠢᠦ ᠬᠠᠢ ᠴᠢᠤᠸᠠᠨ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠤᠨ ᠤᠯᠠᠨ | ᠲᠦᠮᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠪᠠ ᠵᠠᠰᠠᠭ ᠤᠨ ᠣᠷᠳᠣᠨ ᠤ ᠤᠯᠠᠨ | ᠲᠦᠮᠡᠨ ᠲᠠᠢ ᠬᠠᠷᠢᠯᠴᠠᠬᠤ ᠴᠢᠬᠤᠯᠠ ᠬᠥᠭᠦᠷᠭᠡ ᠪᠠ ᠬᠤᠯᠪᠣᠭᠠᠰᠤ ᠮᠥᠨ᠃ ᠡᠯ᠎ᠡ ᠰᠤᠮᠤ ᠰᠢᠶᠠᠩ ᠪᠠᠯᠭᠠᠰᠤ ᠪᠣᠯᠤᠨ | ᠰᠠᠯᠠᠭ᠎ᠠ ᠮᠥᠴᠢᠷ ᠨᠢᠭᠡᠴᠡ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠵᠠᠬᠢᠳᠠᠯ | ᠰᠤᠷᠪᠤᠯᠵᠢᠯᠠᠯ ᠤᠨ ᠠᠵᠢᠯ ᠤᠨ ᠡᠬᠢᠯᠡᠯᠲᠡ ᠪᠣᠯᠤᠨ ᠲᠡᠭᠦᠰᠬᠡᠯ ᠪᠤᠯᠭᠠᠬᠤ ᠪᠠᠷᠢᠮᠲᠠᠯᠠᠵᠤ᠂ ︽ᠭᠤᠷᠪᠠ ᠶᠢ | ᠪᠣᠳᠠᠲᠠᠶᠢᠵᠢᠭᠤᠯᠤᠨ ᠨᠢᠭᠡ ᠶᠢ ᠰᠢᠢᠳᠪᠥᠷᠢᠯᠡᠬᠦ︾ ᠱᠠᠭᠠᠷᠳᠠᠯᠭ᠎ᠠ ᠶᠣᠰᠣᠭᠠᠷ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠥᠷᠢᠯᠡᠵᠥ᠂ ᠬᠠᠤᠯᠢ ᠲᠣᠭᠲᠠᠭᠠᠯ ᠪᠣᠯᠤᠨ ᠲᠥᠷᠥ ᠶᠢᠨ | ᠪᠣᠳᠣᠯᠭ᠎ᠠ ᠳᠤ ᠨᠡᠶᠢᠴᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠶ᠋ᠯᠡᠰ ᠢ ᠲᠥᠷᠭᠡᠨ ᠰᠢᠢᠳᠪᠥᠷᠢᠯᠡᠵᠥ᠂ ᠪᠤᠳᠤᠯᠢᠶᠠᠨᠲᠠᠶ | ᠠᠰᠠᠭᠤᠳᠠᠯ ᠳᠤ ᠢᠯᠡᠭᠦᠬᠡᠨ ᠠᠷᠭ᠎ᠠ ᠪᠣᠳᠣᠵᠤ᠂ ᠰᠡᠳᠬᠢᠯ ᠲᠠᠯᠪᠢᠨ ᠬᠦᠴᠦᠯᠡᠨ ᠰᠢᠶ᠋ᠳᠪᠦᠷᠢᠯᠡᠵᠦ᠂ ᠵᠠᠬᠢᠳᠠᠯ | ᠰᠤᠷᠪᠤᠯᠵᠢᠯᠠᠯ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ︽ᠹᠧᠩ | ᠴᠢᠶᠣᠤ ᠶᠢᠨ ᠲᠤᠷᠰᠢᠯᠭ᠎ᠠ︾ ᠶᠢ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠥᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠡᠷᠲᠡ ᠠᠴᠠ | ᠠᠳᠬᠤᠵᠤ ᠪᠠᠭ᠎ᠠ ᠠᠴᠠ ᠠᠳᠬᠤᠬᠤ ᠳᠤ ᠰᠠᠭᠤᠷᠢᠯᠠᠵᠤ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ | ᠪᠠ ᠬᠥᠳᠡᠯᠦᠩᠭᠦᠶ ᠪᠠᠷ ᠵᠢᠭᠰᠠᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ᠂ ᠵᠢᠭᠰᠠᠭᠠᠨ ᠪᠠᠶᠢᠴᠠᠭᠠᠬᠤ ᠪᠠ | ᠠᠷᠢᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠥ᠂ ᠵᠥᠷᠢᠴᠡᠯ ᠳᠠᠯᠳᠠ ᠭᠡᠮ ᠢ ᠦᠨᠡᠨᠬᠦ ᠦᠨᠳᠦᠰᠦᠨ | ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠬᠤ ᠳᠤᠨᠢ ᠰᠢᠢᠳᠪᠥᠷᠢᠯᠡᠬᠦ ᠬᠡᠷᠡᠭᠲᠡᠶ᠃ ︽ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠥᠷᠢᠯᠡᠬᠦ ᠣᠨ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠴᠡᠭ ᠲᠣᠭᠲᠠᠭᠠᠨ ᠰᠤᠷᠪᠤᠯᠵᠢᠯᠠᠭ᠎ᠠ ᠬᠦᠯᠢᠶᠡᠬᠦ᠂ ᠭᠤᠤᠯᠳᠠᠯᠭ᠎ᠠ ᠲᠠᠢ ᠪᠣᠯᠵᠣᠨ ᠰᠤᠷᠪᠤᠯᠵᠢᠯᠠᠬᠤ᠂ | ᠬᠠᠮᠲᠤᠷᠠᠨ ᠰᠣᠷᠪᠤᠯᠵᠢᠯᠠᠭ᠎ᠠ ᠬᠦᠯᠢᠶᠡᠬᠦ᠂ ᠬᠡᠷᠡᠭ ᠲᠤ ᠴᠢᠭᠯᠡᠭᠦᠯᠦᠨ ᠳᠣᠷᠣᠭᠰᠢ ᠰᠤᠷᠪᠤᠯᠵᠢᠯᠠᠬᠤ᠂ ᠤᠳᠤᠷᠢᠳᠤᠯᠭ᠎ᠠ | ᠬᠡᠷᠡᠭ ᠢ ᠳᠠᠭᠠᠭᠠᠴᠢᠯᠠᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ |