6 ᠰᠠᠷ᠎ᠠ ᠶᠢᠨ 16 ᠤ ᠦᠳᠡ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ | ᠵᠢᠯᠣᠭᠤᠳᠣᠭᠴᠢ ᠯᠢᠦ ᠬᠠᠶ ᠴᠢᠤᠸᠠᠨ ᠬᠥᠮᠦᠰ ᠲᠥᠪᠯᠡᠷᠡᠭᠰᠡᠨ ᠲᠠᠯᠠᠪᠤᠷ ᠤᠨ ᠢᠳᠡᠭᠡᠨ ᠤ ᠠᠮᠤᠷ ᠲᠦᠪᠰᠢᠨ ᠪᠠ | ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ᠂ | ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ | ᠬᠥᠪᠴᠢ ᠶᠢ ᠢᠮᠠᠭᠲᠠ ᠴᠢᠩᠭᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭᠠᠳᠬᠠᠵᠤ᠂ ᠡᠯ᠎ᠡ | ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠲᠣᠭᠲᠠᠭᠠᠵᠤ᠂ ᠢᠳᠡᠭᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠰᠢᠨᠵᠢᠯᠡᠬᠦ ᠤᠬᠠᠭᠠᠨᠴᠢ ᠪᠥᠭᠡᠳ ᠣᠨᠣᠪᠴᠢᠳᠠᠢ ᠪᠠᠷ ᠰᠠᠶᠢᠲᠤᠷ ᠬᠢᠵᠦ᠂ ᠬᠢᠯᠪᠠᠷ ᠪᠤᠰᠤ ᠣᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ | | ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ᠂ ᠪᠠᠲᠤᠬᠠᠭᠠᠯᠭ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠪᠣᠯᠤᠨ | ᠪᠠᠲᠤᠬᠠᠭᠠᠯᠭ᠎ᠠ ᠶᠢᠨ ᠬᠤᠶᠠᠳᠤᠭᠠᠷ ᠬᠡᠦᠬᠡᠳ ᠤᠨ ᠴᠡᠴᠡᠷᠯᠢᠭ ᠲᠤ᠂ ᠯᠢᠦ ᠬᠠᠢ ᠴᠢᠤᠸᠠᠨ ᠲᠤᠰ ᠲᠤᠰ ᠬᠤᠭᠤᠯᠠᠨ ᠭᠡᠷ | ᠂ ᠲᠣᠭᠤᠭᠠᠨ ᠭᠡᠷ᠂ ᠰᠤᠷᠤᠭᠴᠢ ᠶᠢᠨ ᠪᠠᠶᠢᠷᠢ ᠵᠡᠷᠭᠡ ᠭᠠᠵᠠᠷ ᠲᠤ ᠬᠦᠷᠴᠦ ᠪᠠᠶᠢᠴᠠᠭᠠᠨ ᠦᠵᠡᠵᠦ᠂ ᠰᠤᠷᠭᠠᠭᠤᠯᠢ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠢᠳᠡᠭᠡᠨ ᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠳᠠᠯ ᠳᠤ ᠰᠢᠨ᠎ᠡ ᠬᠤᠪᠢᠷᠠᠯᠲᠠ ᠭᠠᠷᠴᠤ᠂ ᠰᠢᠨ᠎ᠡ ᠪᠠᠶᠢᠳᠠᠯ ᠭᠠᠷᠴᠤ᠂ ᠰᠤᠷᠭᠠᠭᠤᠯᠢ ᠨᠢ ᠬᠥᠮᠦᠨ ᠣᠯᠠᠨ | ᠴᠤᠭᠯᠠᠷᠠᠬᠤ ᠭᠠᠵᠠᠷ ᠪᠣᠯᠤᠭᠰᠠᠨ ᠤ ᠬᠤᠪᠢ ᠳᠤ᠂ ᠰᠡᠷᠭᠡᠶᠢᠯᠡᠨ ᠡᠵᠡᠮᠳᠡᠬᠦ ᠡᠭᠦᠷᠭᠡ ᠨᠦᠰᠡᠷ ᠬᠦᠨᠳᠦ ᠪᠠᠶᠢᠨ᠎ᠠ᠃ ᠡᠯ᠎ᠡ | ᠰᠤᠷᠭᠠᠭᠤᠯᠢ ᠶᠢᠨ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ | ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤ ᠠᠮᠤᠷ ᠲᠦᠪᠰᠢᠨ ᠤ ᠠᠵᠢᠯ ᠢ | ᠪᠡᠶ᠎ᠡ ᠪᠠᠷ ᠢᠶᠠᠨ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠤ ᠬᠡᠷᠡᠮ︾ ᠢ ᠪᠠᠲᠤ | ᠴᠤᠭᠴᠠᠯᠠᠵᠤ᠂ ᠬᠢᠵᠠᠭᠠᠷᠯᠠᠵᠤ ᠬᠠᠮᠢᠶᠠᠷᠬᠤ ᠪᠠᠨ ᠴᠢᠩᠭᠠᠳᠬᠠᠵᠤ᠂ ᠡᠭᠦᠳᠡ ᠶᠢ ᠨᠢ ᠬᠠᠷᠠᠵᠤ᠂ ᠬᠥᠮᠦᠨ ᠢ ᠨᠢ | ᠬᠠᠮᠢᠶᠠᠷᠴᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠪᠠ ᠪᠠᠷᠠᠭ᠎ᠠ ᠣᠷᠣᠭᠤᠯᠬᠤ | ᠪᠠᠶᠢᠴᠠᠭᠠᠨ ᠰᠢᠯᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ | ᠭᠠᠷᠳᠠᠮ ᠪᠦᠷᠢᠨ ᠭᠦᠢᠴᠡᠳ᠂ ᠠᠮᠤᠷ ᠳᠥᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠤᠷᠭᠠᠭᠤᠯᠢ ᠳᠤ | ᠰᠠᠭᠤᠭ᠎ᠠ ᠰᠤᠷᠤᠭᠴᠢᠳ ᠤᠨ ᠢᠳᠡᠵᠦ ᠤᠤᠭᠤᠬᠤ ᠬᠤᠨᠣᠵᠤ ᠬᠡᠪᠲᠡᠬᠦ ᠶᠢ ᠵᠣᠬᠢᠰᠲᠠᠶ ᠲᠣᠬᠢᠷᠠᠭᠤᠯᠵᠤ᠂ | ᠰᠤᠷᠤᠭᠴᠢᠳ ᠤᠨ ᠬᠤᠭᠤᠯᠠ ᠢᠳᠡᠬᠦ ᠴᠠᠭ ᠪᠠ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠰᠠᠶᠢᠲᠤᠷ | ᠳᠣᠬᠢᠷᠠᠭᠤᠯᠵᠤ᠂ ᠴᠤᠭᠯᠠᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠬᠢᠵᠢᠭ ᠰᠡᠷᠭᠡᠶᠢᠯᠡᠬᠦ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠰᠤᠷᠤᠭᠴᠢᠳ ᠪᠣᠯᠤᠨ ᠭᠡᠷ ᠤᠨ ᠠᠬᠠᠮᠠᠳ ᠢ ᠬᠢᠵᠢᠭ ᠤᠨ ᠪᠠᠶᠢᠳᠠᠯ ᠢ ᠵᠥᠪ ᠢᠶᠠᠷ | ᠳᠠᠨᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠢᠳᠡᠪᠬᠢᠲᠡᠢ ᠣᠷᠣᠯᠴᠠᠵᠤ᠂ ᠴᠢᠬᠤᠯᠠ ᠪᠤᠰᠤ | ᠦᠶ᠎ᠡ ᠳᠤ ᠳᠤᠮᠳᠠ᠂ ᠥᠨᠳᠥᠷ ᠳᠥᠭᠰᠢᠭᠦᠷᠢᠳᠠᠢ ᠭᠠᠵᠠᠷ ᠣᠷᠣᠨ ᠳᠤ ᠣᠴᠢᠬᠤ ᠪᠠᠨ ᠲᠦᠷ ᠬᠤᠶᠢᠰᠢᠯᠠᠭᠤᠯᠤᠨ᠎ᠠ᠃ | ᠰᠤᠷᠭᠠᠭᠤᠯᠢ ᠨᠢ ᠰᠤᠷᠭᠠᠭᠤᠯᠢ ᠳᠤ ᠬᠦᠷᠴᠦ ᠰᠤᠷᠭᠠᠭᠤᠯᠢ ᠠᠴᠠ ᠰᠠᠯᠬᠤ ᠬᠤᠯᠪᠣᠭᠳᠠᠯ ᠪᠦᠬᠦᠢ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠭᠡᠷ ᠪᠦᠯᠢ ᠪᠠ ᠰᠤᠷᠭᠠᠭᠤᠯᠢ ᠬᠤᠯᠪᠣᠭᠠᠯᠠᠨ ᠬᠥᠳᠡᠯᠦᠯᠴᠡᠬᠦ᠂ ᠭᠡᠷ ᠪᠦᠯᠢ ᠪᠠ | ᠰᠤᠷᠭᠠᠭᠤᠯᠢ ᠬᠠᠮᠲᠤᠪᠠᠷ ᠪᠤᠶᠢᠵᠢᠭᠤᠯᠬᠤ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢᠨ ᠠᠵᠢᠯ ᠤᠨ ᠬᠠᠮᠲᠤᠷᠠᠯ ᠤᠨ ᠭᠥᠴᠥᠨ ᠢ ᠪᠦᠷᠢᠯᠳᠦᠭᠦᠯᠦᠨ᠎ᠡ᠃ | | | | ᠶᠦᠩ ᠱᠧᠩ ᠴᠧᠩ ᠬᠡᠲᠦ ᠳᠡᠯᠭᠡᠭᠦᠷ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠠᠢ ᡁᠢ ᠰᠢᠨ | ᠳᠠᠯᠠᠢ ᠶᠢᠨ ᠢᠳᠡᠭᠡᠨ ᠤ ᠳᠡᠯᠭᠡᠭᠦᠷ ᠪᠣᠯᠤᠨ ᠸᠠᠨ ᠾᠧ ᠵᠣᠴᠢᠳ ᠤᠨ ᠪᠠᠭᠤᠳᠠᠯ ᠳᠤ᠂ ᠯᠢᠦ ᠬᠠᠶ ᠴᠢᠤᠸᠠᠨ | ᠳᠠᠯᠠᠶ ᠶᠢᠨ ᠢᠳᠡᠭᠡᠨ᠂ ᠮᠢᠬᠠᠨ ᠢᠳᠡᠭᠡᠨ᠂ ᠵᠢᠮᠢᠰ ᠨᠣᠭᠤᠭ᠎ᠠ ᠵᠡᠷᠭᠡ ᠢᠳᠡᠭᠡᠨ ᠤ ᠳᠡᠭᠡᠭᠡᠪᠥᠷᠢ ᠶᠢᠨ ᠪᠠᠶᠢᠳᠠᠯ ᠢ | ᠣᠶᠢᠯᠠᠭᠠᠵᠠᠶ᠃ ᠲᠡᠷᠡ ᠴᠢᠬᠤᠯᠠᠴᠢᠯᠠᠭᠰᠠᠨ ᠨᠢ᠂ ᠬᠡᠲᠦ ᠳᠡᠯᠭᠡᠭᠦᠷ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ | ᠪᠣᠯᠤᠨ ᠵᠣᠴᠢᠳ ᠤᠨ ᠪᠠᠭᠤᠳᠠᠯ ᠤᠨ ᠬᠥᠮᠦᠰ ᠨᠢᠭᠲᠠᠷᠠᠵᠤ᠂ ᠰᠢᠯᠵᠢᠮᠡᠯ ᠴᠢᠨᠠᠷ ᠶᠡᠭᠡ ᠪᠠᠶᠢᠳᠠᠭ ᠨᠢ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠪᠣᠯᠤᠨ᠎ᠠ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠣᠯᠤᠨ ᠡᠵᠡᠩᠨᠡᠯᠲᠡ ᠶᠢᠨ ᠭᠤᠣᠯ ᠴᠣᠭᠴᠠ ᠴᠠᠭ ᠢᠮᠠᠭᠲᠠ ︽ᠳᠠᠶᠢᠨ ᠤ ᠦᠶ᠎ᠡ︾ ᠶᠢᠨ | ᠪᠠᠶᠢᠳᠠᠯ ᠢᠶᠠᠨ ᠪᠠᠲᠤᠯᠠᠵᠤ᠂ ᠮᠢᠨᠴᠦᠭᠦᠷᠡᠨ ᠲᠠᠶᠢᠪᠤᠰᠢᠷᠠᠬᠤ ᠶᠠᠪᠤᠳᠠᠯ ᠢ ᠡᠷᠡᠰ ᠬᠤᠷᠢᠭᠯᠠᠵᠤ᠂ ᠡᠳᠦᠷ ᠲᠤᠲᠤᠮ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠠᠪᠴᠢ ᠵᠡᠭᠦᠬᠦ ᠶᠢ ᠵᠥᠪᠰᠢᠶᠡᠷᠡᠬᠦ᠂ ᠪᠡᠶ᠎ᠡ ᠶᠢᠨ | ᠳᠤᠯᠠᠭᠠᠨ ᠢ ᠰᠢᠯᠭᠠᠨ ᠬᠡᠮᠵᠢᠬᠦ᠂ ᠪᠠᠺᠲ᠋ᠧᠷᠢ ᠶᠢ ᠠᠷᠢᠭᠤᠳᠬᠠᠨ ᠬᠤᠤᠷ ᠢ ᠠᠷᠢᠯᠭᠠᠬᠤ᠂ ᠰᠠᠯᠬᠢ ᠨᠡᠪᠲᠡᠷᠡᠬᠦ ᠶᠢ | ᠪᠠᠲᠤᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠡᠷᠡᠭᠯᠡᠭᠴᠢᠳ ᠢ ᠵᠢᠯᠣᠭᠤᠳᠤᠨ | ᠠᠮᠤᠷ ᠲᠦᠪᠰᠢᠨ ᠵᠠᠶ ᠶᠢ ᠪᠠᠳᠤᠯᠠᠵᠤ᠂ ᠴᠤᠭᠯᠠᠷᠠᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ | ᠢᠳᠡᠭᠡᠨ ᠤ ᠬᠢᠵᠢᠭ ᠢ ᠪᠠᠶᠢᠴᠠᠭᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠠᠷᠠᠭ᠎ᠠ ᠣᠷᠣᠭᠤᠯᠬᠤ ᠠᠷᠭ᠎ᠠ ᠵᠠᠮ ᠤᠨ | ᠵᠢᠷᠤᠮᠵᠢᠯ ᠲᠠᠢ᠂ ᠦᠢᠯᠡᠳᠭᠦᠨ ᠤ ᠶᠠᠰᠤ ᠴᠢᠨᠠᠷ ᠤᠨ ᠬᠢᠷᠢ ᠲᠡᠩᠴᠡᠬᠦ ᠶᠢ ᠦᠨᠡᠨᠬᠦ ᠪᠠᠲᠤᠯᠠᠵᠤ᠂ ᠠᠷᠠᠳ ᠣᠯᠠᠨ ᠤ | ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠢ ᠰᠠᠶᠢᠲᠤᠷ ᠰᠠᠬᠢᠨ ᠬᠠᠮᠠᠭᠠᠯᠠᠨ᠎ᠠ᠃ | ᠡᠯ᠎ᠡ ᠵᠣᠴᠢᠳ ᠤᠨ ᠪᠠᠭᠤᠳᠠᠯ ᠨᠢ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠳᠤᠮᠳᠠ᠂ ᠥᠨᠳᠥᠷ | ᠳᠥᠭᠰᠢᠭᠦᠷᠢᠳᠠᠢ ᠭᠠᠵᠠᠷ ᠣᠷᠣᠨ ᠤ ᠬᠤᠰᠢᠭᠤᠨ ᠳᠤ ᠢᠷᠡᠭᠰᠡᠨ ᠬᠥᠮᠦᠰ ᠢ ᠬᠢᠨᠠᠮᠠᠭᠠᠶ ᠵᠢᠭᠰᠠᠭᠠᠨ ᠪᠠᠶᠢᠴᠠᠭᠠᠵᠤ᠂ | ᠴᠠᠭ ᠲᠤᠬᠠᠶ ᠳᠤᠨᠢ ᠮᠡᠳᠡᠭᠦᠯᠵᠦ᠂ ᠬᠠᠮᠢᠶᠠᠷᠤᠨ ᠡᠵᠡᠮᠳᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | | | | | | | | |