6 ᠰᠠᠷ᠎ᠠ ᠶᠢᠨ 18 ᠤ ᠦᠳᠡ ᠬᠤᠶᠢᠨ᠎ᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ 2020 ᠣᠨ ᠤ ᠪᠥᠬᠦ ᠬᠤᠰᠢᠭᠤᠨ ᠤ | ᠵᠠᠰᠠᠭ ᠤᠨ ᠣᠷᠳᠣᠨ ᠤ ᠰᠢᠰᠲ᠋ᠧᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ ᠪᠣᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ | ᠰᠢᠢᠳᠪᠥᠷᠢᠯᠡᠬᠦᠯᠬᠦ ᠬᠤᠷᠠᠯ ᠢ ᠡᠷᠭᠢᠯᠡᠨ ᠬᠤᠷᠠᠯᠳᠤᠭᠤᠯᠵᠤ᠂ 2019 ᠣᠨ ᠤ ᠵᠠᠰᠠᠭ ᠤᠨ ᠣᠷᠳᠣᠨ ᠤ | ᠰᠢᠰᠲ᠋ᠧᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠣᠯᠤᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠥᠷᠢᠯᠡᠭᠰᠡᠨ ᠪᠠᠶᠢᠳᠠᠯ | ᠮᠡᠳᠡᠭᠳᠡᠵᠥ᠂ 2020 ᠣᠨ ᠤ ᠭᠥᠢᠴᠡᠳᠭᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | ᠯᠢᠦ ᠬᠠᠢ ᠴᠢᠤᠸᠠᠨ ᠵᠢᠭᠠᠵᠤ ᠭᠠᠷᠭᠠᠭᠰᠠᠨ ᠨᠢ᠂ ᠡᠨᠡ ᠵᠢᠯ ᠤᠨ ︽ᠬᠤᠶᠠᠷ ᠬᠤᠷᠠᠯ︾ ᠤᠨ | ᠬᠤᠭᠤᠴᠠᠭᠠᠨ ᠳᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠡᠭᠡᠳᠥ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ | ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯ ᠢᠶᠠᠷ ᠢᠳᠡᠪᠬᠢᠲᠡᠢ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ | ᠬᠡᠷᠡᠭ ᠢ ᠵᠥᠪᠯᠡᠬᠦ᠂ ᠰᠠᠨᠠᠯ ᠳᠤᠷᠠᠳᠤᠨ ᠠᠷᠭ᠎ᠠ ᠤᠬᠠᠭᠠᠨ ᠭᠠᠷᠭᠠᠵᠤ᠂ ᠴᠢᠨᠠᠷ ᠰᠠᠶᠢᠲᠠᠢ ᠬᠥᠭᠵᠢᠯᠲᠡ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ | ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶ᠎ᠡ | ᠴᠠᠷᠠᠭ᠎ᠠ ᠶᠢᠨ ᠲᠣᠭᠤᠷᠢᠨ ᠳᠤ ᠮᠠᠰᠢ ᠣᠯᠠᠨ ᠰᠠᠶᠢᠨ ᠰᠠᠨᠠᠭᠤᠯᠭ᠎ᠠ ᠰᠠᠨᠠᠯ ᠳᠤᠷᠠᠳᠤᠯᠭ᠎ᠠ ᠳᠤᠷᠠᠳᠤᠭᠰᠠᠨ ᠪᠠᠶᠢᠨ᠎ᠠ᠃ | ᠡᠳᠡᠭᠡᠷ ᠰᠠᠨᠠᠭᠤᠯᠭ᠎ᠠ ᠰᠠᠨᠠᠯ ᠵᠥᠪᠯᠡᠯᠭᠡ ᠨᠢ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠪᠠ ᠪᠣᠳᠠᠲᠤ | ᠬᠡᠷᠡᠭᠴᠡᠭᠡᠨ ᠤ ᠠᠰᠠᠭᠤᠳᠠᠯ ᠢ ᠰᠢᠢᠳᠪᠥᠷᠢᠯᠡᠬᠦ ᠳᠡᠭᠡᠷ᠎ᠡ ᠠᠩᠬᠠᠷᠤᠯ ᠲᠠᠯᠪᠢᠵᠤ᠂ ᠪᠠᠰᠠ ᠮᠠᠨ ᠤ ᠬᠤᠰᠢᠭᠤᠨ ᠤ | ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠠᠷᠭ᠎ᠠ ᠪᠣᠳᠣᠯᠭ᠎ᠠ ᠰᠠᠨᠠᠭᠤᠯᠭ᠎ᠠ ᠪᠠᠶᠢᠵᠤ᠂ ᠵᠠᠰᠠᠭ ᠤᠨ | ᠣᠷᠳᠣᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | ᠯᠢᠦ ᠬᠠᠢ ᠴᠢᠤᠸᠠᠨ ᠴᠢᠬᠤᠯᠠᠴᠢᠯᠠᠭᠰᠠᠨ ᠨᠢ᠂ ᠡᠨᠡ ᠵᠢᠯ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ | ᠢ ᠥᠨᠳᠥᠷ ᠪᠦᠲᠦᠮᠵᠢᠲᠡᠢ ᠪᠠᠷ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠬᠡᠷᠡᠭᠲᠡᠢ᠃ ᠤᠯᠤᠰ ᠲᠥᠷᠥ ᠶᠢᠨ | ᠵᠣᠭᠰᠣᠴᠠ ᠪᠠᠨ ᠳᠠᠬᠢᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠰᠠᠷ᠎ᠠ ᠪᠦᠷᠢ | ᠰᠤᠳᠤᠯᠤᠨ ᠠᠬᠢᠭᠤᠯᠬᠤ᠂ ᠡᠯ᠎ᠡ ᠳᠡᠳ᠋ ᠬᠤᠰᠢᠭᠤᠨ ᠳᠠᠷᠤᠭ᠎ᠠ ᠬᠠᠭᠠᠰ ᠰᠠᠷ᠎ᠠ ᠳᠤ ᠠᠵᠢᠯ ᠲᠤᠬᠢᠷᠠᠭᠤᠯᠤᠨ | ᠱᠠᠯᠠᠪᠳᠠᠭᠤᠯᠬᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ᠂ ᠲᠥᠪᠯᠡᠷᠡᠩᠭᠦᠶ | ᠲᠤᠰᠬᠠᠭᠰᠠᠨ ᠭᠤᠤᠯᠳᠠᠯᠭ᠎ᠠ ᠲᠠᠢ ᠬᠦᠴᠢᠷ ᠠᠰᠠᠭᠤᠳᠠᠯ ᠰᠠᠨᠠᠭᠤᠯᠭ᠎ᠠ ᠪᠠ ᠰᠠᠨᠠᠯ ᠳᠤᠷᠠᠳᠤᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ ᠴᠠᠭ ᠢᠮᠠᠭᠲᠠ ᠲᠣᠬᠢᠷᠠᠭᠤᠯᠵᠤ᠂ ᠪᠣᠳᠠᠲᠠᠶ ᠰᠢᠮᠳᠠᠭᠤᠯᠤᠨ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠶ᠃ ᠡᠭᠦᠷᠭᠡ ᠶᠢᠨ ᠬᠤᠪᠢᠶᠠᠷᠢᠯᠠᠯ ᠤᠨ ᠲᠠᠯ᠎ᠠ ᠪᠠᠷ ᠲᠣᠳᠣᠷᠬᠠᠶ ᠪᠣᠯᠭᠠᠨ᠂ ᠬᠠᠤᠯᠢ ᠶᠣᠰᠣᠭᠠᠷ | ᠵᠠᠰᠠᠭ ᠶᠠᠪᠤᠭᠤᠯᠬᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠤᠴᠢᠷ ᠶᠠᠪᠤᠳᠠᠯ ᠢ ᠰᠢᠢᠳᠪᠦᠷᠢᠯᠡᠬᠦ ᠳᠤ | ᠰᠠᠭᠤᠷᠢᠯᠠᠵᠤ᠂ ᠰᠢᠢᠳᠪᠦᠷᠢᠯᠡᠬᠦ ᠴᠠᠭ ᠬᠤᠭᠤᠴᠠᠭ᠎ᠠ ᠶᠢ ᠴᠢᠩᠳᠠᠯᠠᠵᠤ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ︽ | ᠡᠷᠭᠢᠵᠦ ᠬᠠᠷᠠᠬᠤ︾ ᠶᠢ ᠬᠢᠨᠠᠮᠠᠭᠠᠶ ᠵᠣᠬᠢᠶᠠᠨ ᠪᠠᠶᠢᠭᠤᠯᠵᠤ᠂ ᠰᠢᠢᠳᠪᠥᠷᠢᠯᠡᠭᠰᠡᠨ ᠦᠷ᠎ᠡ ᠳ᠋ᠦᠩ ᠤᠨ ᠦᠨᠡᠨ ᠬᠦ ᠦᠷ᠎ᠡ | ᠪᠦᠲᠦᠮᠵᠢ ᠤᠯᠬᠤ ᠶᠢ ᠪᠠᠲᠤᠯᠠᠨ᠎ᠠ᠃ ᠵᠣᠬᠢᠴᠠᠭᠤᠯᠤᠨ ᠬᠠᠮᠵᠢᠯᠴᠠᠬᠤ ᠲᠠᠯ᠎ᠠ ᠪᠠᠷ ᠳᠠᠬᠢᠨ ᠨᠢᠭᠲᠠᠷᠠᠭᠤᠯᠵᠤ᠂ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠬᠠᠮᠲᠤᠷᠠᠨ ᠰᠢᠢᠳᠪᠥᠷᠢᠯᠡᠬᠦ ᠡᠷᠴᠢᠮ ᠢᠶᠠᠨ | ᠴᠢᠩᠭᠠᠷᠠᠭᠤᠯᠵᠤ᠂ ︽ᠨᠢᠭᠡᠳᠦᠭᠡᠷ ᠭᠠᠷ︾ ᠢ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ᠂ ᠬᠤᠪᠢᠳᠠᠨ ᠬᠠᠮᠢᠶᠠᠷᠬᠤ | ᠤᠳᠤᠷᠢᠳᠤᠯᠭ᠎ᠠ ᠰᠢᠭᠤᠳ ᠠᠳᠬᠤᠬᠤ᠂ ᠳᠠᠭᠠᠭᠠᠨ ᠰᠢᠢᠳᠪᠥᠷᠢᠯᠡᠭ᠊ ᠠᠵᠢᠯᠳᠡᠨ ᠤ ᠪᠣᠳᠠᠲᠠᠶ ᠰᠢᠶ᠋ᠳᠪᠦᠷᠢᠯᠡᠬᠦ ︽ | ᠭᠤᠷᠪᠠᠨ ᠱᠠᠲᠤᠨ ᠤ ᠬᠠᠷᠢᠭᠤᠴᠠᠬᠤ ᠳᠦᠷᠢᠮ︾ ᠢ ᠳᠡᠭᠦᠯᠳᠡᠷᠵᠢᠭᠦᠯᠵᠥ᠂ ᠡᠭᠦᠷᠭᠡ᠂ ᠬᠠᠷᠢᠭᠤᠴᠠᠯᠭ᠎ᠠ᠂ ᠠᠵᠢᠯᠲᠠᠨ ᠢ | ︽ᠭᠤᠷᠪᠠ ᠶᠢ ᠪᠣᠳᠠᠲᠠᠶᠢᠵᠢᠭᠤᠯᠬᠤ︾ ᠶᠢ ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ | ᠭᠥᠢᠴᠡᠳᠬᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ | ᠨᠢᠭᠡᠨᠲᠡ ᠲᠣᠭᠲᠠᠭᠠᠭᠰᠠᠨ ᠠᠷᠭ᠎ᠠ ᠠᠪᠴᠠᠯ ᠤᠨ ᠲᠠᠯ᠎ᠠ ᠪᠠᠷ ᠳᠠᠬᠢᠨ ᠪᠠᠷᠢᠮᠲᠠᠯᠠᠵᠤ᠂ ᠰᠢᠢᠳᠪᠥᠷᠢᠯᠡᠬᠦ ᠠᠵᠢᠯ ᠤᠨ | ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠭᠤᠷᠪᠠ ᠶᠢ ᠠᠭᠤᠯᠵᠠᠬᠤ︾ ᠳᠦᠷᠢᠮ ᠢ ᠴᠢᠩᠭ᠎ᠠ | ᠬᠡᠷᠡᠭᠵᠢᠭᠦᠯᠵᠦ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠳᠦᠷᠢᠮᠵᠢᠭᠦᠯᠬᠦ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠥᠨ᠎ᠡ᠃ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠲᠠᠯ᠎ᠠ ᠪᠠᠷ ᠪᠠᠰᠠ ᠴᠢᠩᠭ᠎ᠠ | ᠪᠠᠶᠢᠬᠤ ᠬᠡᠷᠡᠭᠲᠡᠶ᠂ ᠵᠠᠰᠠᠭ ᠤᠨ ᠣᠷᠳᠣᠨ ᠤ ᠠᠯᠪᠠᠨ ᠭᠡᠷ ᠨᠢ ᠰᠠᠨᠠᠯ ᠳᠤᠷᠠᠳᠤᠯᠭ᠎ᠠ ᠶᠢ ᠰᠢᠶ᠋ᠳᠪᠦᠷᠢᠯᠡᠬᠦ ᠪᠦᠬᠦ | ᠶᠠᠪᠤᠴᠠ ᠶᠢ ᠮᠥᠷᠳᠡᠨ ᠰᠢᠮᠳᠠᠭᠤᠯᠤᠨ ᠭᠦᠶ᠋ᠴᠡᠳᠬᠡᠬᠦ ᠪᠠᠨ ᠴᠢᠩᠭᠠᠳᠬᠠᠵᠤ᠂ ᠠᠵᠢᠯ ᠢᠶᠠᠨ ᠬᠠᠯᠠᠨ ᠰᠠᠶᠢᠵᠢᠷᠠᠭᠤᠯᠬᠤ᠂ | ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠶᠠᠪᠤᠴᠠ ᠪᠣᠯᠭᠠᠬᠤ ᠬᠡᠷᠡᠭᠲᠡᠶ᠃ | ᠬᠤᠰᠢᠭᠤᠨ ᠤ ᠤᠳᠤᠷᠢᠳᠤᠯᠭ᠎ᠠ ᠰᠡᠷᠭᠦᠯᠡᠩ᠂ ᠶᠠᠩ ᠶᠠᠩ᠂ ᠮᠥᠩᠭᠡᠪᠠᠭᠠᠳᠤᠷ᠂ ᠦ᠋ ᠼᠦᠨ ᠪᠦᠦ ᠬᠤᠷᠠᠯ ᠳᠤ | ᠣᠷᠣᠯᠴᠠᠪᠠ᠃ | |