6 ᠳ᠋ᠤᠭᠠᠷ ᠰᠠᠷ᠎ᠠ ᠶᠢᠨ 18 ᠤ ᠦᠳᠡ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠴᠢᠮ ᠬᠤᠷᠠᠯ ᠤᠨ ᠳᠠᠷᠠᠭ᠎ᠠ᠂ ᠳᠠᠷᠬᠠᠨ ᠮᠤᠤᠮᠢᠩᠭᠠᠨ | ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠰᠢᠨ | ᠭᠤᠸᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ | ᠭᠠᠵᠠᠷ ᠤᠨ ᠶᠡᠷᠦᠩᠬᠡᠶ ᠵᠢᠯᠣᠭᠤᠳᠣᠭᠴᠢ ᠯᠢᠦ ᠬᠠᠶ ᠴᠢᠤᠸᠠᠨ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠷᠪᠠᠨ | ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠥᠪᠥᠷ ᠰᠡᠷᠭᠡᠶᠢᠯᠡᠯᠲᠡ ᠶᠢᠨ ᠵᠢᠭᠠᠪᠤᠷᠢ | ᠴᠠᠬᠢᠯᠭᠠᠨ ︹ 2020 ︺ 43 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠨᠥᠬᠦᠪᠥᠷᠢ ᠮᠡᠳᠡᠭᠳᠡᠯ︾ ︵ᠥᠪᠥᠷ | ᠰᠡᠷᠭᠡᠶᠢᠯᠡᠯᠳᠡ ᠶᠢᠨ ᠵᠢᠭᠠᠯᠲᠠ ᠴᠠᠬᠢᠯᠭᠠᠨ ︹ 2020 ︺ 45 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠳᠤᠭᠤᠰᠢᠯᠠᠭᠤᠯᠪᠠ᠃ ᠣᠳᠣᠬᠠᠨ ᠤ ᠪᠠ | ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠠᠷᠪᠠᠨ ᠳᠥᠷᠪᠡᠳᠦᠭᠡᠷ ᠬᠤᠷᠠᠯᠳᠤᠭᠠᠨ ᠠᠴᠠ ᠨᠠᠰᠢ᠂ ᠡᠯ᠎ᠡ ᠲᠤᠰᠬᠠᠶ ᠠᠵᠢᠯ ᠤᠨ | ᠳᠤᠭᠤᠶᠢᠯᠠᠩ᠂ ᠡᠯ᠎ᠡ ᠰᠤᠮᠤ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠨᠢᠭᠡᠴᠡ ᠱᠠᠭᠠᠷᠳᠠᠯᠭ᠎ᠠ ᠶᠣᠰᠣᠭᠠᠷ ᠶᠡᠭᠡ | ᠬᠡᠮᠵᠢᠶᠡᠨ ᠤ ᠠᠵᠢᠯ ᠬᠢᠵᠦ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠪᠠᠶᠢᠳᠠᠯ ᠢ ᠡᠵᠡᠮᠰᠢᠭᠡᠳ᠂ ᠡᠯ᠎ᠡ | ᠵᠥᠢᠯ ᠤᠨ ᠠᠵᠢᠯ ᠤᠨ ᠲᠣᠭᠲᠠᠴᠠ ᠥᠨᠳᠥᠷ ᠪᠦᠲᠦᠮᠵᠢᠲᠡᠶ ᠶᠠᠪᠤᠭᠳᠠᠵᠤ᠂ ᠦᠷ᠎ᠡ ᠪᠥᠳᠥᠮᠵᠢ ᠢᠯᠡᠷᠬᠡᠶ ᠪᠠᠶᠢᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠣᠯ ᠨᠢᠭᠡ ᠤᠳᠠᠭᠠᠨ ᠤ ᠶᠡᠭᠡ ᠳᠠᠶᠢᠨ ᠪᠣᠯᠬᠤ ᠮᠥᠷᠲᠡᠭᠡᠨ ᠪᠠᠰᠠ | ᠨᠢᠭᠡ ᠤᠳᠠᠭᠠᠨ ᠤ ᠶᠡᠭᠡ ᠰᠢᠯᠭᠠᠯᠲᠠ ᠪᠣᠯᠤᠨ᠎ᠠ᠂ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠴᠠᠭ ᠢᠮᠠᠭᠲᠠ | ᠣᠷᠣᠰᠢᠵᠤ᠂ ᠰᠡᠷᠭᠡᠶᠢᠯᠡᠨ ᠡᠵᠡᠮᠳᠡᠬᠦ ᠳᠤ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠂ ᠡᠷᠬᠡᠪᠰᠢ | ᠡᠬᠢᠨ ᠠᠴᠠ ᠨᠢ ᠳᠠᠭᠤᠰᠲᠠᠯ᠎ᠠ ᠪᠣᠯᠭᠤᠮᠵᠢᠯᠠᠵᠤ᠂ ᠲᠥᠪ ᠴᠢᠩᠭ᠎ᠠ ᠨᠠᠷᠢᠨ ᠬᠢᠨᠠᠮᠠᠭᠠᠶ ᠪᠠᠶᠢᠵᠤ᠂ ᠡᠴᠦᠰ ᠤᠨ | ᠢᠯᠠᠯᠲᠠ ᠶᠢ ᠲᠡᠮᠡᠴᠡᠨ ᠤᠯᠬᠤ ᠦᠭᠡᠢ ᠪᠣᠯ ᠶᠠᠭᠠᠬᠢᠭᠰᠠᠨ ᠴᠤ ᠠᠮᠠᠷᠬᠠᠨ ᠠᠮᠵᠢᠯᠲᠠ ᠤᠯᠵᠠᠢ ᠭᠡᠵᠣ ᠬᠡᠯᠡᠵᠥ ᠪᠤᠯᠬᠤ | ᠥᠭᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠳᠠᠨᠢᠯᠳᠠ ᠥᠨᠳᠥᠷ ᠪᠠᠶᠢᠵᠣ᠂ ᠠᠷᠠᠳ ᠣᠯᠠᠨ ᠤ ᠡᠷᠡᠭᠦᠯ ᠮᠡᠨᠳᠦ | ᠠᠮᠤᠷ ᠲᠦᠪᠰᠢᠨ ᠢ ᠬᠠᠮᠠᠭᠠᠯᠠᠬᠤ ᠪᠠᠷ ᠡᠭᠦᠷᠭᠡ ᠪᠠᠨ ᠪᠣᠯᠭᠠᠵᠤ᠂ ᠳᠡᠭᠡᠳᠥ ᠬᠡᠮᠵᠢᠶ᠎ᠡ ᠪᠠᠷ ᠴᠢᠬᠤᠯᠠᠴᠢᠯᠠᠨ᠂ ᠰᠣᠨᠣᠷ | ᠰᠡᠷᠡᠮᠵᠢ ᠪᠠᠨ ᠳᠡᠭᠡᠭᠰᠢᠯᠡᠭᠦᠯᠵᠦ᠂ ᠮᠢᠨᠴᠦᠭᠦᠷᠡᠬᠦ ᠦᠭᠡᠢ᠂ ᠳᠠᠶᠢᠨ ᠠᠴᠠ ᠬᠠᠯᠠᠰᠢᠷᠠᠬᠤ ᠦᠭᠡᠢ᠂ ᠠᠵᠠ ᠵᠠᠪᠰᠢᠶᠠᠨ | ᠦᠭᠡᠢ᠂ ᠰᠤᠯᠠᠷᠠᠬᠤ ᠦᠭᠡᠢ ᠪᠠᠶᠢᠬᠤ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠥᠷᠢᠳᠥ ᠪᠣᠳᠣᠯᠭ᠎ᠠ ᠶᠢᠨ ᠪᠠᠶᠢᠷᠢᠯᠠᠭᠤᠯᠤᠯᠳᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠣᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠣᠨ | ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠥᠷᠢᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ | ᠪᠠᠶᠢᠳᠠᠯ ᠢ ︽ᠨᠢᠭᠡ ᠴᠦ ᠣᠷᠣᠭᠤᠯᠬᠤ ᠦᠭᠡᠶ︾ ᠪᠠᠶᠢᠬᠤ ᠶᠢ ᠦᠨᠡᠨᠬᠦ ᠪᠠᠳᠤᠯᠠᠬᠤ ᠬᠡᠷᠡᠭᠲᠡᠶ᠃ ᠵᠢᠭᠰᠠᠭᠠᠨ | ᠪᠠᠶᠢᠴᠠᠭᠠᠵᠤ ᠬᠠᠮᠢᠶᠠᠷᠤᠨ ᠡᠵᠡᠮᠳᠡᠬᠦ ᠳᠡᠭᠡᠨ ᠴᠢᠩᠭ᠎ᠠ ᠪᠥᠭᠡᠳ ᠬᠢᠨᠠᠮᠠᠭᠠᠢ ᠪᠠᠶᠢᠵᠤ᠂ ᠴᠢᠩᠭ᠎ᠠ ᠪᠠᠶᠢᠬᠤ ᠶᠢ | ᠲᠡᠷᠢᠭᠦᠨ ᠳᠤ ᠲᠠᠯᠪᠢᠵᠤ᠂ ᠪᠣᠳᠠᠲᠠᠶ ᠬᠦᠴᠦᠯᠡᠬᠦ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ | ᠭᠤᠤᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠬᠦᠴᠦᠨ ᠢᠶᠠᠨ ᠵᠣᠬᠢᠶᠠᠨ ᠪᠠᠶᠢᠭᠤᠯᠤᠨ᠂ ᠬᠡᠪᠢᠰ ᠮᠠᠶ᠋ᠢᠭ ᠤᠨ | ᠳᠠᠬᠢᠨ ᠪᠠᠶᠢᠴᠠᠭᠠᠯᠲᠠ ᠬᠢᠵᠦ᠂ ᠨᠢᠭᠡ ᠡᠷᠦᠬᠡ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠵᠤ᠂ | ᠰᠡᠷᠭᠡᠶᠢᠯᠡᠨ ᠡᠵᠡᠮᠳᠡᠬᠦ ᠲᠣᠣᠷ ᠢ ᠪᠦᠬᠦ ᠲᠠᠯ᠎ᠠ ᠪᠠᠷ ᠨᠢᠭᠲᠠ ᠰᠦᠯᠵᠢᠵᠦ᠂ ︽ᠭᠤᠷᠪᠠ ᠶᠢ ᠰᠡᠷᠭᠡᠶᠢᠯᠡᠬᠦ︾᠂ ︽ | ᠭᠤᠷᠪᠠ ᠶᠢ ᠪᠠᠶᠢᠴᠠᠭᠠᠬᠤ︾᠂ ︽ᠭᠤᠷᠪᠠ ᠶᠢ ᠴᠢᠩᠭᠠᠳᠬᠠᠬᠤ︾ ᠶᠢ ᠪᠡᠶᠡᠯᠡᠭᠦᠯᠥᠨ᠎ᠡ᠃ ᠬᠠᠷᠢᠭᠤᠴᠠᠯᠭ᠎ᠠ | ᠡᠭᠦᠷᠭᠡᠯᠡᠯ ᠢ ᠪᠣᠳᠠᠲᠠᠶᠢᠵᠢᠭᠤᠯᠬᠤ ᠬᠡᠷᠡᠭᠲᠡᠶ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠥ᠂ ᠶᠡᠷᠦᠩᠬᠡᠶᠢᠯᠡᠨ ᠠᠳᠬᠤᠵᠤ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠵᠦ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠣᠳᠠᠲᠠᠶᠢᠵᠢᠭᠤᠯᠬᠤ᠂ ᠳᠣᠭᠢᠷᠠᠭᠤᠯᠤᠨ ᠠᠬᠢᠭᠤᠯᠬᠤ ᠶᠢ ᠴᠠᠭ ᠳᠤᠬᠠᠢ ᠳᠤᠨᠢ | ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ ᠲᠤᠰᠬᠠᠶ ᠠᠵᠢᠯ ᠤᠨ ᠳᠤᠭᠤᠶᠢᠯᠠᠩ᠂ ᠡᠯ᠎ᠡ ᠰᠤᠮᠤ ᠰᠢᠶᠠᠩ | ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠨᠦ ᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠥᠯᠳᠠᠢ | ᠦᠵᠡᠯ ᠰᠠᠨᠠᠭ᠎ᠠ ᠶᠢ ᠪᠠᠷᠢᠮᠲᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭᠠᠳᠬᠠᠵᠤ | ᠪᠠᠶᠢᠩᠭᠤᠵᠠᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠥᠷᠢᠵᠢᠭᠤᠯᠵᠤ᠂ ᠬᠠᠮᠲᠤᠷᠠᠨ | ᠰᠡᠷᠭᠡᠶᠢᠯᠡᠵᠦ ᠬᠠᠮᠲᠤᠷᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠴᠢᠩᠭ᠎ᠠ ᠨᠢᠭᠲᠠ | ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠶᠢᠭᠤᠯᠵᠤ᠂ ᠴᠢᠩᠭ᠎ᠠ ᠬᠦᠴᠦᠲᠡᠶ ᠠᠵᠢᠯ ᠤᠨ ᠨᠡᠶᠢᠯᠡᠮᠡᠯ ᠬᠥᠴᠥᠨ ᠢ ᠪᠤᠢ | ᠪᠣᠯᠭᠠᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠬᠦ ᠠᠵᠢᠯ ᠤᠨ ᠲᠤᠬᠠᠶ ᠰᠢᠢᠳᠪᠥᠷᠢᠳᠥ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠴᠠᠭ ᠤᠷᠤᠯᠳᠤᠨ᠂ ᠠᠰᠠᠭᠤᠳᠠᠯ ᠳᠤ ᠬᠦᠴᠦᠯᠡᠬᠦ ᠬᠡᠷᠡᠭᠲᠡᠶ᠃ ︽ᠵᠣᠪᠠᠭᠤᠷᠢ ᠵᠦᠳᠡᠭᠦᠷᠢ ᠶᠢ | ᠲᠡᠰᠪᠦᠷᠢᠯᠡᠵᠦ᠂ ᠪᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ | ᠵᠣᠭᠰᠣᠬᠤ ᠦᠭᠡᠢ︾ ᠭᠡᠬᠦ ᠮᠣᠩᠭᠤᠯ ᠮᠣᠷᠢᠨ ᠤ ᠵᠣᠷᠢᠭ ᠰᠠᠨᠠᠭ᠎ᠠ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ | ᠬᠦᠴᠢᠷ ᠢ ᠰᠥᠷᠦᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ | ᠠᠳᠬᠤᠬᠤ ᠶᠢᠨ ᠬᠠᠮᠲᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠪᠠᠳᠣᠯᠠᠨ | ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠥᠷᠢᠳᠥ | ᠢᠯᠠᠯᠲᠠ ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠥᠷᠢᠳᠥ | ᠢᠯᠠᠯᠲᠠ ᠶᠢ ᠤᠯᠬᠤ ᠶᠢ ᠦᠨᠡᠨᠬᠦ ᠪᠠᠲᠤᠯᠠᠨ᠎ᠠ᠃ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ | ᠵᠢᠯᠤᠭᠤᠳᠤᠭᠴᠢ ᠵᠠᠩ ᠶᠢᠨ ᠵᠥᠩ᠂ ᠵᠠᠩ ᠪᠠᠭᠠᠨ᠎ᠠ᠂ ᠬᠤᠤ ᠯᠢᠶᠠᠩ᠂ ᠶᠠᠩ ᠶᠠᠩ ᠮᠥᠩᠭᠡᠪᠠᠭᠠᠳᠤᠷ ᠵᠢᠴᠢ ᠪᠠᠷᠠᠭᠤᠨ | ᠠᠵᠤ ᠦᠢᠯᠡᠳᠪᠥᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠴᠢᠤᠸᠠᠨ | ᠵᠦ᠂ ᠡᠯ᠎ᠡ ᠲᠤᠰᠬᠠᠶ ᠠᠵᠢᠯ ᠤᠨ ᠳᠤᠭᠤᠶᠢᠯᠠᠩ ᠪᠠ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | |