ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ | ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠵᠢᠨ ᠰᠢᠪᠠᠳᠠᠨ ᠪᠠᠶᠢᠴᠠᠭᠠᠯᠲᠠ ᠵᠢᠨ ︽ᠡᠷᠬᠢᠨ ᠬᠠᠷᠠᠬᠤ︾ ᠵᠢᠴᠢ | ᠨᠤᠲᠤᠭ ᠪᠡᠯᠴᠢᠭᠡᠷ ᠤᠨ ᠲᠤᠰᠬᠠᠶ ᠰᠢᠪᠠᠳᠠᠨ ᠪᠠᠶᠢᠴᠠᠭᠠᠯᠲᠠ ᠵᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢ ᠰᠣᠨᠤᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ | ᠪᠠᠶᠢᠷᠢᠯᠠᠭᠤᠯᠪᠠ᠃ | | ᠬᠤᠷᠠᠯ ᠡᠴᠠ ᠵᠢᠭᠠᠵᠤ ᠭᠠᠷᠭᠠᠭᠰᠠᠨ ᠨᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠢ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠵᠢ ᠤᠯᠬᠤ ᠪᠣᠯ ᠪᠢᠳᠡᠨ ᠤ ᠡᠷᠬᠡᠪᠰᠢ ᠪᠡᠶᠡᠯᠡᠭᠦᠯᠬᠦ | ᠤᠯᠤᠰ ᠲᠦᠷᠦ ᠵᠢᠨ ᠡᠭᠦᠷᠭᠡ᠂ ᠨᠡᠩ ᠴᠤ ᠡᠷᠬᠡᠪᠰᠢ ᠪᠡᠶᠡᠯᠡᠭᠦᠯᠬᠦ ᠠᠷᠠᠳ ᠤᠨ ᠠᠮᠢᠳᠤᠷᠠᠯ ᠤᠨ ᠢᠨᠵᠧᠨᠧᠷᠢᠩ | ᠪᠣᠯᠤᠨ᠎ᠠ᠃ ᠪᠦᠬᠦ ᠬᠤᠰᠢᠭᠤ ᠳᠠᠶᠠᠭᠠᠷ ᠰᠢ ᠵᠢᠨ ᠫᠢᠩ ᠤᠨ ᠠᠮᠢ ᠠᠬᠤᠢ ᠵᠢᠨ ᠪᠣᠯᠪᠠᠰᠤᠨ ᠤ ᠦᠵᠡᠯ ᠰᠠᠨᠠᠭ᠎ᠠ | ᠪᠣᠯᠤᠨ ᠶᠡᠷᠦᠩᠬᠡᠢ ᠱᠦᠵᠢ ᠰᠢ ᠵᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠵᠢ ᠭᠦᠨᠵᠡᠭᠡᠢ ᠰᠤᠷᠤᠯᠴᠠᠨ ᠳᠤᠭᠤᠰᠢᠯᠠᠭᠤᠯᠬᠤ ᠬᠡᠷᠡᠭᠲᠡᠢ᠃ ᠤᠯᠤᠰ ᠲᠥᠷᠥ ᠵᠢᠨ ᠵᠣᠭᠰᠣᠴᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠠᠷᠠᠳ ᠲᠦᠮᠡᠨ ᠵᠶᠠᠷ | ᠭᠤᠤᠯ ᠪᠣᠯᠭᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠥᠨᠳᠥᠷ ᠪᠠᠷᠢᠮᠵᠢᠶ᠎ᠠ᠂ | ᠴᠢᠩᠭ᠎ᠠ ᠱᠠᠭᠠᠷᠳᠠᠯᠭ᠎ᠠ᠂ ᠶᠡᠭᠡ ᠡᠷᠴᠢᠮ ᠵᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢ ᠠᠬᠢᠭᠤᠯᠵᠤ᠂ ᠠᠮᠢ | ᠠᠬᠤᠶ ᠵᠢᠨ ᠪᠣᠯᠪᠠᠰᠤᠨ ᠤ ᠪᠠᠶᠢᠭᠤᠯᠤᠯᠲᠠ ᠵᠢᠨ ᠦᠷ᠎ᠡ ᠪᠦᠲᠦᠭᠡᠯ ᠢ ᠦᠨᠡᠨ ᠬᠦ ᠣᠯᠠᠨ ᠲᠦᠮᠡᠨ ᠳᠤ ᠨᠠᠩ ᠰᠠᠶᠢᠲᠤᠷ | ᠬᠦᠷᠲᠡᠭᠡᠵᠦ᠂ ᠠᠷᠠᠳ ᠲᠦᠮᠡᠨ ᠳᠤ ᠪᠤᠶᠠᠨ ᠦᠢᠯᠡᠳᠥᠨᠡ᠃ | | ᠬᠤᠷᠠᠯ ᠡᠴᠠ ᠴᠢᠬᠤᠯᠠᠴᠢᠯᠠᠭᠰᠠᠨ ᠨᠢ᠂ ᠣᠷᠴᠢᠨ ᠲᠣᠭᠤᠷᠢᠨ ᠤ ᠬᠠᠮᠠᠭᠠᠯᠠᠯᠲᠠ ᠵᠢᠨ ᠱᠠᠯᠠᠪᠳᠠᠭᠤᠯᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠠᠶᠢᠨ᠎ᠠ᠃ ᠨᠠᠷᠢᠨ | ᠳᠠᠩᠰᠠ ᠵᠢ ᠬᠠᠮᠢᠶᠠᠷᠬᠤ᠂ ᠫᠠᠶᠢᠰᠠ ᠡᠯᠭᠦᠨ ᠰᠢᠪᠠᠳᠠᠨ ᠪᠠᠶᠢᠴᠠᠭᠠᠬᠤ᠂ ᠲᠤᠰᠬᠠᠶ ᠠᠩᠭᠢ ᠪᠠᠷ ᠠᠬᠢᠭᠤᠯᠬᠤ᠂ | ᠳᠠᠩᠰᠠ ᠵᠢ ᠬᠠᠷᠭᠤᠭᠤᠯᠵᠤ ᠨᠣᠮᠧᠷ ᠢ ᠨᠢ ᠬᠠᠰᠤᠬᠤ ᠵᠢ ᠪᠠᠷᠢᠮᠲᠠᠯᠠᠵᠤ᠂ ᠪᠤᠢ ᠪᠦᠬᠦᠢ ᠠᠰᠠᠭᠤᠳᠠᠯ ᠢ ᠳᠤᠭᠳᠠᠭᠰᠠᠨ | ᠴᠠᠭ ᠲᠤ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠵᠢᠭᠤᠯᠴᠢᠯᠠᠯ ᠤᠨ ᠲᠥᠷᠥᠯ ᠵᠦᠶ᠋ᠯ ᠤᠨ ᠨᠤᠲᠤᠭ | ᠪᠡᠯᠴᠢᠭᠡᠷ ᠢ ᠲᠠᠲᠠᠪᠤᠷᠢᠯᠠᠨ ᠡᠵᠡᠯᠡᠬᠦ ᠵᠢ ᠴᠡᠭᠴᠡᠯᠡᠨ ᠵᠠᠰᠠᠬᠤ ᠵᠢ ᠴᠢᠩᠭᠠᠳᠬᠠᠵᠤ᠂ ᠨᠤᠷᠠᠭᠠᠬᠤ ᠴᠢᠬᠤᠯᠠᠲᠠᠶ ᠵᠢ ᠨᠢ | ᠬᠠᠤᠯᠢ ᠶᠣᠰᠣᠭᠠᠷ ᠨᠤᠷᠠᠭᠠᠬᠤ ᠬᠡᠷᠡᠭᠲᠡᠶ᠃ ᠠᠭᠤᠷᠬᠠᠢ ᠵᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ | ᠠᠵᠢᠯ ᠢ ᠬᠦᠴᠦᠲᠡᠶ ᠠᠳᠬᠤᠵᠤ᠂ ᠭᠤᠤᠯᠳᠠᠯᠭ᠎ᠠ ᠲᠠᠢ ᠠᠵᠤ ᠠᠬᠤᠶᠢᠯᠠᠯ᠂ ᠵᠠᠩᠭᠢᠯᠠᠭ᠎ᠠ ᠵᠢᠨ ᠬᠥᠮᠦᠨ ᠢ ᠠᠩᠬᠠᠷᠴᠤ᠂ | ᠬᠤᠭᠤᠴᠠᠭ᠎ᠠ ᠬᠤᠪᠢᠶᠠᠨ ᠵᠠᠰᠠᠬᠤ᠂ ᠤᠷᠭᠤᠮᠠᠯ ᠬᠤᠴᠢᠯᠭ᠎ᠠ ᠵᠢ ᠰᠡᠷᠭᠦᠭᠡᠬᠦ ᠠᠵᠢᠯ ᠢ ᠲᠦᠷᠭᠡᠳᠬᠡᠨ ᠠᠬᠢᠭᠤᠯᠵᠤ᠂ | ᠪᠣᠳᠠᠲᠤ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠬᠤ ᠬᠡᠷᠡᠭᠲᠡᠶ᠃ | ᠬᠤᠷᠠᠯ ᠡᠴᠠ ᠱᠠᠭᠠᠷᠳᠠᠭᠰᠠᠨ ᠨᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠲᠦᠭᠡᠨ | ᠪᠠᠶᠢᠭᠤᠯᠤᠯᠲᠠ ᠵᠢ ᠠᠬᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ | ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠵᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ | ᠴᠢᠩᠭᠠᠳᠬᠠᠬᠤ ᠬᠡᠷᠡᠭᠲᠡᠶ᠃ ᠡᠭᠦᠷᠭᠡ ᠲᠤᠰᠢᠶᠠᠯ ᠵᠶᠠᠨ ᠢᠳᠡᠪᠬᠢᠲᠡᠢ ᠭᠦᠢᠴᠡᠳᠬᠡᠵᠦ᠂ ᠰᠤᠮᠤ ᠰᠢᠶᠠᠩ ᠪᠠᠯᠭᠠᠰᠤ ᠵᠢᠨ | ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠵᠢᠨ | ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢᠨ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠵᠢᠨ ᠬᠡᠯᠬᠢᠶ᠎ᠡ ᠵᠢ ᠪᠠᠶᠢᠭᠤᠯᠤᠨ ᠪᠦᠷᠢᠯᠳᠦᠭᠦᠯᠵᠦ᠂ ᠠᠰᠠᠭᠤᠳᠠᠯ ᠳᠤ ᠴᠢᠭᠯᠡᠭᠦᠯᠵᠦ᠂ ᠠᠰᠠᠭᠤᠳᠠᠯ ᠢ | ᠦᠵᠡᠵᠦ ᠬᠠᠯᠠᠨ ᠰᠠᠶᠢᠵᠢᠷᠠᠭᠤᠯᠬᠤ ᠵᠡᠷᠭᠡ ᠵᠢ ᠴᠢᠩᠭ᠎ᠠ ᠠᠳᠬᠤᠭᠠᠳ ᠲᠠᠯᠪᠢᠬᠤ ᠦᠭᠡᠢ᠂ ᠡᠴᠦᠰ ᠲᠤᠨᠢ ᠲᠤᠯᠲᠠᠯ᠎ᠠ | ᠠᠳᠬᠤᠬᠤ ᠬᠡᠷᠡᠭᠲᠡᠢ᠃ ᠪᠣᠬᠢᠷᠲᠤᠯ ᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠵᠢᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ | ᠬᠠᠷᠢᠭᠤᠴᠠᠯᠭ᠎ᠠ ᠵᠢ ᠨᠠᠶᠢᠳᠠᠪᠤᠷᠢᠵᠢᠭᠤᠯᠬᠤ ᠦᠭᠡᠶ᠂ ᠠᠵᠢᠯ ᠨᠢ ᠬᠦᠴᠦᠨ ᠦᠭᠡᠶ ᠡᠴᠠ ᠪᠣᠯᠵᠤ᠂ ᠠᠬᠢᠴᠠ ᠨᠢ | ᠤᠳᠠᠭᠠᠰᠢᠷᠠᠭᠰᠠᠨ ᠵᠢᠴᠢ ᠥᠩᠭᠡᠨ ᠲᠠᠯ᠎ᠠ ᠡᠴᠠ ᠨᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠴᠡᠭᠴᠡᠯᠡᠨ | ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠵᠢ ᠴᠥᠮ ᠴᠢᠩᠭ᠎ᠠ ᠪᠠᠶᠢᠴᠠᠭᠠᠨ ᠰᠢᠢᠳᠪᠥᠷᠢᠯᠡᠵᠥ | ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠂ ᠴᠢᠩᠭ᠎ᠠ ᠬᠥᠴᠥᠳᠠᠢ ᠬᠠᠷᠢᠭᠤᠴᠠᠯᠭ᠎ᠠ ᠨᠡᠬᠡᠮᠵᠢᠯᠡᠬᠦ ᠪᠠᠷ | ᠰᠤᠷᠲᠠᠯ ᠤᠨ ᠬᠤᠪᠢᠷᠠᠭᠤᠯᠤᠯᠲᠠ ᠪᠠ ᠠᠵᠢᠯ ᠤᠨ ᠨᠠᠶᠢᠳᠠᠪᠤᠷᠢᠵᠢᠭᠤᠯᠤᠯᠲᠠ ᠵᠢ ᠦᠨᠡᠨ ᠬᠦ ᠴᠢᠩᠭ᠎ᠠ ᠠᠳᠬᠤᠬᠤ | ᠬᠡᠷᠡᠭᠲᠡᠶ᠃ | ᠳᠡᠳ᠋ ᠬᠤᠰᠢᠭᠤᠨ ᠳᠠᠷᠤᠭ᠎ᠠ ᠮᠥᠩᠭᠡᠪᠠᠭᠠᠳᠤᠷ ᠲᠠᠷᠠᠭᠠᠴᠢ ᠵᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | |