ᠯᠢᠦ ᠬᠠᠶ ᠴᠢᠤᠸᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠶᠢᠰᠥᠳᠥᠭᠡᠷ ᠤᠳᠠᠭ᠎ᠠ ᠵᠢᠨ ᠪᠠᠶᠢᠩᠭᠤ ᠵᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-24
     6 ᠰᠠᠷ᠎ᠠ ᠵᠢᠨ 22 ᠤᠨ ᠡᠳᠦᠷ ᠤᠨ ᠦᠳᠡ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠶᠢᠰᠥᠳᠥᠭᠡᠷ ᠤᠳᠠᠭ᠎ᠠ ᠵᠢᠨ ᠪᠠᠶᠢᠩᠭᠤ ᠵᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠵᠢᠨ ᠴᠢᠬᠤᠯᠠ ᠶᠠᠷᠢᠶ᠎ᠠ᠂ ᠳᠤᠮᠳᠠᠳᠤ ᠠᠹᠷᠢᠺᠠ ᠵᠢᠨ ᠪᠦᠯᠬᠦᠮᠳᠡᠯ ᠡᠰᠡᠷᠭᠦᠴᠡᠯ ᠤᠨ ᠳᠤᠰᠬᠠᠢ ᠲᠦᠷᠦᠭᠦᠴᠦᠳ ᠤᠨ ᠬᠤᠷᠠᠯ ᠢ ᠡᠷᠭᠢᠯᠡᠨ ᠬᠤᠷᠠᠯᠳᠤᠭᠤᠯᠬᠤ ᠭᠤᠤᠯ ᠵᠤᠷᠢᠯᠳᠠᠳᠤ ᠶᠠᠷᠢᠶ᠎ᠠ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠵᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠤᠭ᠎ᠠ ᠪᠦᠷᠢᠳᠬᠡᠯ ᠤᠨ ᠬᠠᠮᠢᠶᠠᠷᠤᠯᠲᠠ ᠵᠢᠨ ᠪᠠᠶᠢᠭᠤᠯᠤᠯ ᠤᠨ ᠥᠭᠡᠷᠡᠴᠢᠯᠡᠯᠲᠡ ᠵᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ᠵᠡᠷᠭᠡ ᠪᠢᠴᠢᠭ ᠮᠠᠲ᠋ᠧᠷᠢᠶᠠᠯ ᠪᠣᠯᠤᠨ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠵᠢᠨ ᠫᠢᠩ ᠤᠨ ᠴᠢᠬᠤᠯᠠ ᠵᠣᠬᠢᠶᠠᠯ ︽ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤᠲᠠᠭᠤᠳᠠᠯ ᠢ ᠨᠥᠬᠦᠪᠥᠷᠢᠯᠡᠬᠦ ᠠᠰᠠᠭᠤᠳᠠᠯ ᠤᠨ ᠲᠤᠬᠠᠶ ᠠᠰᠠᠭᠤᠳᠠᠯ︾ ᠪᠦᠬᠦ ᠣᠷᠣᠨ ᠤ ᠵᠠᠰᠠᠭ  ᠤᠨ ᠣᠷᠳᠣᠨ ᠤ ᠥᠷᠢ ᠥᠭᠴᠡᠭᠡ ᠵᠢ ᠠᠷᠢᠯᠭᠠᠬᠤ ᠪᠠ ᠵᠠᠰᠠᠭ  ᠤᠨ ᠣᠷᠳᠣᠨ ᠤ ᠵᠢᠭᠡᠯᠡᠯᠭᠡ ᠵᠢᠨ ᠲᠡᠮᠳᠡᠭᠲᠦ ᠲᠠᠷᠬᠠᠭᠠᠵᠤ ᠬᠡᠷᠡᠭᠯᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ᠂ ᠪᠤᠭᠤᠲᠤ ᠬᠤᠲᠠ ᠵᠢᠨ ᠪᠦᠬᠦ ᠤᠯᠤᠰ  ᠤᠨ ᠪᠣᠯᠪᠠᠰᠤᠨ ᠬᠤᠲᠠ ᠵᠢ ᠡᠭᠦᠳᠦᠨ ᠪᠠᠶᠢᠭᠤᠯᠬᠤ ᠵᠢ ᠭᠦᠨᠵᠡᠭᠡᠶᠢᠷᠡᠭᠦᠯᠬᠦ ᠵᠢᠴᠢ ᠪᠦᠬᠦ ᠤᠯᠤᠰ ᠡᠴᠠ ᠪᠣᠯᠪᠠᠰᠤᠨ ᠬᠤᠲᠠ ᠵᠢ ᠵᠠᠯᠭᠠᠭ᠎ᠠ ᠪᠠᠷ ᠵᠢᠷᠭᠤᠭᠠᠨ ᠤᠳᠠᠭ᠎ᠠ ᠮᠠᠩᠯᠠᠶᠢᠯᠠᠬᠤ ᠪᠠᠷ ᠲᠡᠮᠡᠴᠡᠬᠦ ᠳᠠᠶᠢᠴᠢᠯᠠᠯᠲᠠ ᠵᠢᠨ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠤᠭᠤᠲᠤ ᠬᠤᠲᠠ ᠵᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠪᠤᠭᠤᠳᠤ ᠰᠡᠷᠭᠡᠶᠢᠯᠡᠨ ᠵᠢᠭᠠᠨ ᠲᠠᠷᠬᠠᠭᠠᠬᠤ ﹇2020﹈ 37 ᠳ᠋ᠤᠭᠠᠷ ᠲᠣᠭᠠᠲᠤ︶᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ‍ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠢᠨ ᠬᠤᠷᠢᠶ᠎ᠠ ᠳᠤ ᠤᠯᠤᠰ  ‍ᠤᠨ ᠥᠮᠴᠢᠯᠡᠯᠳᠥ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠶᠢᠳᠠᠯ ᠤᠨ ᠳᠦᠷᠢᠮ︾ ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠠᠵᠢᠯ ᠤᠨ  ᠪᠠᠶᠢᠳᠠᠯ ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠠᠷᠠᠭᠠᠴᠢ ᠵᠢᠨ ᠠᠯᠬᠤᠮ ᠤᠨ ᠠᠵᠢᠯ ᠢ ᠪᠠᠶᠢᠷᠢᠯᠠᠭᠤᠯᠪᠠ᠃
     ᠬᠤᠷᠠᠯ ᠡᠴᠠ ᠵᠢᠭᠠᠵᠤ ᠭᠠᠷᠭᠠᠭᠰᠠᠨ ᠨᠢ      ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ  ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠵᠢ ᠤᠯᠬᠤ᠂ ᠶᠠᠳᠠᠭᠤ ᠡᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ ᠳᠤ ᠦᠨᠳᠦᠰᠦᠨ ᠴᠢᠨᠠᠷᠲᠠᠢ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ︽ᠵᠢᠷᠭᠤᠭ᠎ᠠ ᠵᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠵᠢ ᠪᠠᠲᠤᠯᠠᠬᠤ︾ ᠡᠭᠦᠷᠭᠡ ᠵᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠠ ᠵᠢ ᠵᠡᠷᠭᠡ ᠪᠠᠷ ᠬᠡᠷᠡᠭᠯᠡᠨ᠂ ᠢᠳᠡᠪᠬᠢᠲᠡᠶ ᠠᠵᠢᠯᠯᠠᠵᠤ᠂ ᠠᠮᠢ ᠠᠬᠤᠶ ᠵᠢ ᠤᠷᠢᠳ ᠵᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠵᠢᠨ ᠵᠠᠮ ᠵᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠵᠢ ᠵᠠᠪᠠᠯ ᠣᠯᠵᠤ᠂ 6 ᠳ᠋ᠤᠭᠠᠷ ᠰᠠᠷ᠎ᠠ ᠵᠢᠨ ᠰᠡᠭᠦᠯᠴᠢ ᠡᠴᠠ ᠡᠮᠦᠨ᠎ᠡ ᠶᠠᠳᠠᠭᠤ ᠡᠴᠠ ᠠᠩᠭᠢᠵᠢᠷᠠᠭᠤᠯᠬᠤ ᠰᠢᠪᠲᠤᠯᠤᠯᠲᠠ ᠵᠢᠨ ᠪᠣᠶ  ᠪᠥᠬᠦᠢ ᠠᠰᠠᠭᠤᠳᠠᠯ ᠢ ᠪᠦᠬᠦᠨ ᠢ ᠦᠨᠡᠨ ᠬᠦ ᠪᠠᠲᠤᠯᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠢᠨ ᠰᠢᠮᠳᠠᠭᠤᠯᠤᠨ ᠪᠠᠶᠢᠴᠠᠭᠠᠯᠲᠠ ᠡᠴᠠ ᠬᠠᠷᠢᠭᠤ ᠲᠤᠰᠬᠠᠭᠰᠠᠨ ᠠᠰᠠᠭᠤᠳᠠᠯ ᠢ ᠪᠥᠬᠦᠨ ᠢ ᠪᠦᠲᠦᠮᠵᠢᠲᠡᠶ ᠴᠡᠭᠴᠡᠯᠡᠨ ᠰᠠᠶᠢᠵᠢᠷᠠᠭᠤᠯᠵᠤ᠂ ᠵᠠᠰᠠᠭ ‍ᠤᠨ ᠣᠷᠳᠣᠨ ᠤ ᠥᠷᠢ ᠥᠭᠴᠡᠭᠡ ᠵᠢᠴᠢ ᠠᠷᠠᠳ ᠤᠨ ᠡᠵᠡᠩᠨᠡᠯᠲᠡ ᠵᠢᠨ ᠳᠤᠮᠳᠠ ᠪᠠᠭ᠎ᠠ ᠠᠵᠤ ᠠᠬᠤᠶᠢᠯᠠᠯ ᠤᠨ ᠳᠠᠩᠰᠡᠨ ᠵᠣᠭᠤᠰ ᠢ ᠲᠥᠯᠥᠵᠦ ᠳᠠᠭᠤᠰᠬᠠᠬᠤ ᠳᠤ ᠴᠠᠭ ᠣᠨ ᠳᠠᠷᠠᠭᠠᠯᠠᠯ ᠤᠨ ᠠᠬᠢᠴᠠ ᠶᠣᠰᠣᠭᠠᠷ ᠪᠡᠶᠡᠯᠡᠭᠦᠯᠦᠨ᠎ᠡ︔ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠮᠠᠨᠳᠥᠯ ᠪᠣᠭᠤᠮᠲᠠ ᠵᠢᠴᠢ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠪᠤᠭᠤᠮᠳᠠ ᠵᠢᠨ ᠬᠠᠮᠢᠶᠠᠷᠤᠨ ᠡᠵᠡᠮᠳᠡᠬᠦ ᠵᠢ ᠴᠢᠩᠭᠠᠳᠬᠠᠵᠤ᠂ ᠬᠢᠯᠪᠠᠷ ᠪᠤᠰᠤ ᠪᠠᠷ ᠣᠯᠤᠭᠰᠠᠨ ᠦᠷ᠎ᠡ ᠪᠦᠲᠦᠭᠡᠯ ᠵᠶᠠᠨ ᠦᠨᠡᠨᠬᠦ ᠪᠠᠬᠢᠵᠢᠭᠦᠯᠦᠨ᠎ᠡ︔ ᠠᠷᠠᠳ ᠲᠦᠮᠡᠨ ᠵᠶᠠᠷ ᠭᠤᠣᠯ ᠪᠣᠯᠭᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠳᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠶ ᠠᠰᠠᠭᠤᠳᠠᠯ ᠢ ᠰᠡᠳᠬᠢᠯ ᠬᠦᠴᠦ ᠲᠠᠯᠪᠢᠨ ᠰᠢᠢᠳᠪᠥᠷᠢᠯᠡᠵᠥ᠂ ᠨᠡᠶᠢᠭᠡᠮ ᠤᠨ ᠵᠠᠰᠠᠯᠲᠠ ᠵᠢ ᠴᠢᠩᠭᠠᠳᠬᠠᠵᠤ᠂ ᠡᠬᠡ ᠤᠯᠤᠰ ᠤᠨ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠵᠢ ᠪᠠᠲᠤ ᠴᠣᠭᠴᠠᠯᠠᠨ᠎ᠠ᠃
     ᠬᠤᠷᠠᠯ ᠡᠴᠠ ᠴᠢᠬᠤᠯᠠᠴᠢᠯᠠᠭᠰᠠᠨ ᠨᠢ      ᠲᠤᠭ᠎ᠠ ᠪᠦᠷᠢᠳᠬᠡᠯ ᠤᠨ ᠠᠵᠢᠯ ᠪᠣᠯ ᠲᠦᠢᠯ ᠤᠨ ᠴᠢᠬᠤᠯᠠ ᠶᠤᠮ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠤᠭ᠎ᠠ ᠪᠦᠷᠢᠳᠬᠡᠯ ᠤᠨ ᠠᠵᠢᠯ ᠢ ᠴᠢᠩᠭᠠᠳᠬᠠᠬᠤ ᠲᠥᠷᠥ ᠵᠢᠨ ᠪᠣᠳᠤᠯᠭ᠎ᠠ ᠬᠠᠤᠯᠢ ᠲᠣᠭᠲᠠᠭᠠᠯ ᠪᠣᠯᠤᠨ ᠬᠠᠮᠢᠶ᠎ᠠ ᠪᠦᠬᠦᠢ ᠮᠡᠳᠡᠯᠭᠡ ᠵᠢᠨ ᠰᠤᠷᠤᠯᠴᠠᠯᠭ᠎ᠠ ᠵᠢ ᠵᠠᠪᠠᠯ ᠰᠤᠷᠬᠤ ᠬᠢᠴᠢᠶᠡᠯ ᠪᠣᠯᠭᠠᠵᠤ᠂ ᠲᠤᠭ᠎ᠠ ᠪᠦᠷᠢᠳᠬᠡᠯ ᠤᠨ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠭᠥᠨᠵᠡᠭᠡᠶᠢᠷᠡᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯ ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭᠠᠯ ᠪᠣᠯᠤᠨ ᠵᠢᠮ᠎ᠡ ᠶᠣᠰᠣ ᠵᠢᠨ ᠱᠠᠭᠠᠷᠳᠠᠯᠭ᠎ᠠ ᠵᠢ ᠴᠢᠩᠭ᠎ᠠ ᠵᠢᠷᠤᠮᠯᠠᠨ ᠠᠵᠢᠯᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠵᠢ ᠤᠳᠤᠷᠢᠳᠬᠤ  ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ  ᠨᠢᠭᠡᠳᠬᠡᠵᠥ᠂ ᠦᠨᠡᠨ ᠡᠴᠠ ᠵᠥᠪ ᠢ ᠡᠷᠢᠬᠦ ᠵᠢ ᠪᠠᠷᠢᠮᠲᠠᠯᠠᠵᠤ᠂ ᠬᠠᠭᠤᠷᠮᠠᠭ ᠶᠠᠭᠤᠮ᠎ᠠ ᠵᠣᠬᠢᠶᠠᠬᠤ ᠵᠢ ᠴᠢᠩᠭ᠎ᠠ ᠰᠡᠷᠭᠡᠶᠢᠯᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠵᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠥᠵᠢᠯ ᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠤᠯᠤᠰ ᠤᠨ ᠲᠥᠯᠥᠭᠡ ᠨᠡᠩ ᠰᠠᠶᠢᠲᠤᠷ ᠲᠤᠭ᠎ᠠ ᠪᠦᠷᠢᠳᠬᠡᠨ᠂ ᠠᠷᠠᠳ ‍ᠤᠨ ᠲᠥᠯᠥᠭᠡ ᠪᠠᠶᠢᠴᠠᠭᠠᠯᠲᠠ ᠬᠢᠨ᠎ᠠ᠃      ᠬᠤᠷᠠᠯ ᠤᠨ ᠱᠠᠭᠠᠷᠳᠠᠭᠰᠠᠨ ᠨᠢ      ᠡᠨᠡ ᠵᠢᠯ ᠪᠣᠯ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭ᠎ᠠ ᠵᠢᠨ ᠡᠴᠦᠰ ᠤᠨ ᠵᠢᠯ ᠪᠣᠯᠤᠨ᠎ᠠ᠃ ᠠᠰᠠᠭᠤᠳᠠᠯ ᠵᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠵᠶᠠᠷ ᠤᠳᠤᠷᠢᠳᠤᠮᠵᠢ ᠪᠣᠯᠭᠠᠬᠤ ᠵᠢ ᠪᠠᠷᠢᠮᠲᠠᠯᠠᠵᠤ᠂ ᠭᠤᠷᠪᠠᠨ ᠵᠢᠯ ᠤᠨ ᠠᠵᠢᠯᠯᠠᠭ᠎ᠠ ᠵᠢᠨ ᠲᠥᠰᠦᠯ ᠳᠤ ᠳᠤᠷᠠᠳᠤᠭᠰᠠᠨ ᠬᠠᠷᠠᠯᠲᠠ ᠡᠭᠦᠷᠭᠡ ᠵᠢ ᠡᠮᠬᠢᠯᠡᠨ ᠳᠢᠭᠯᠡᠬᠦ ᠠᠵᠢᠯ ᠢᠯᠠᠩᠭᠤᠶ᠎ᠠ ᠵᠣᠷᠯᠣᠩ ᠢ ᠥᠭᠡᠷᠡᠴᠢᠯᠡᠬᠦ᠂ ᠬᠤᠭ ᠨᠣᠪᠰᠢ ᠵᠢ ᠵᠠᠰᠠᠬᠤ᠂ ᠪᠣᠬᠢᠷ ᠤᠰᠤ ᠵᠢ ᠰᠢᠢᠳᠪᠥᠷᠢᠯᠡᠬᠦ ᠵᠡᠷᠭᠡ ᠭᠤᠤᠯᠳᠠᠯᠭ᠎ᠠ ᠲᠠᠢ ᠡᠭᠦᠷᠭᠡ ᠲᠠᠢ ᠨᠠᠷᠢᠨ ᠬᠢᠨᠠᠮᠠᠭᠠᠶ ᠬᠠᠷᠢᠴᠠᠭᠤᠯᠵᠤ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠠᠬᠢᠴᠠ ᠪᠠᠨ ᠲᠦᠷᠭᠡᠳᠬᠡᠵᠦ᠂ ᠠᠵᠢᠯ ᠤᠨ ᠲᠣᠬᠢᠷᠠᠭᠤᠯᠤᠯᠲᠠ ᠵᠢ ᠴᠢᠩᠭᠠᠳᠬᠠᠵᠤ᠂ ᠡᠯ᠎ᠡ ᠵᠦᠢᠯ ‍ᠤᠨ ᠡᠭᠦᠷᠭᠡ ᠵᠢ ᠪᠥᠬᠦ ᠲᠠᠯ᠎ᠠ ᠪᠠᠷ ᠨᠠᠶᠢᠳᠠᠪᠥᠷᠢᠵᠢᠭᠤᠯᠬᠤ ᠵᠢ ᠦᠨᠡᠨᠬᠦ ᠪᠠᠲᠤᠯᠠᠨ᠎ᠠ᠃ ᠪᠦᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠵᠢ ᠡᠭᠦᠳᠦᠨ ᠪᠠᠶᠢᠭᠤᠯᠬᠤ ᠪᠠ ᠬᠤᠲᠠ ᠬᠥᠳᠡᠭᠡ ᠵᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠢᠳᠡᠪᠬᠢᠲᠡᠶ ᠠᠬᠢᠭᠤᠯᠵᠥ᠂ ᠤᠷᠲᠤ ᠬᠤᠭᠤᠴᠠᠭ᠎ᠠ ᠪᠦᠲᠦᠮᠵᠢᠲᠡᠶ ᠬᠠᠮᠢᠶᠠᠷᠤᠨ ᠬᠠᠮᠠᠭᠠᠯᠠᠬᠤ᠂ ᠬᠢᠨᠠᠯᠲᠠ ᠲᠠᠯᠪᠢᠵᠤ ᠬᠢᠨᠠᠨ ᠰᠢᠯᠭᠠᠬᠤ᠂ ᠣᠯᠠᠨ ᠲᠦᠮᠡᠨ ᠢ ᠳᠠᠶᠢᠴᠢᠯᠠᠬᠤ ᠵᠡᠷᠭᠡ ᠲᠣᠭᠲᠠᠴᠠ ᠵᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢ ᠵᠢᠷᠤᠮᠵᠢᠭᠤᠯᠬᠤ᠂ ᠪᠠᠶᠢᠩᠭᠤᠵᠢᠭᠤᠯᠬᠤ ᠵᠢ ᠠᠬᠢᠭᠤᠯᠵᠤ᠂ ᠠᠷᠠᠳ ᠣᠯᠠᠨ ᠳᠤ ᠬᠤᠪᠢᠷᠠᠯᠲᠠ ᠵᠢ ᠦᠵᠡᠭᠦᠯᠵᠦ᠂ ᠬᠠᠨᠤᠮᠵᠢᠲᠠᠶ᠂ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠶ᠃      ᠬᠤᠷᠠᠯ ᠡᠴᠠ ᠡᠮᠡᠭᠲᠡᠶᠢᠴᠦᠳ ᠬᠡᠤᠬᠡᠳ ᠤᠨ ᠠᠵᠢᠯᠯᠠᠭᠠᠨ ᠤ ᠲᠥᠪ᠂ ᠣᠶᠢᠷ᠎ᠠ ᠳᠤ ᠭᠠᠵᠠᠷ ᠰᠢᠷᠣᠶ ᠵᠢ ᠨᠡᠭᠡᠭᠡᠨ ᠠᠰᠢᠭᠯᠠᠬᠤ ᠵᠡᠷᠭᠡ ᠵᠦᠢᠯᠡᠰ ᠢ ᠰᠤᠳᠤᠯᠵᠤ᠂ ︽ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠵᠢᠴᠢ ᠬᠤᠲᠠ ᠬᠥᠳᠡᠭᠡ ᠵᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠵᠢᠨ ᠵᠥᠪᠯᠡᠭᠴᠢ ᠵᠢ ᠬᠡᠷᠡᠭᠵᠢᠭᠦᠯᠬᠦ ᠲᠥᠰᠦᠯ︾ ᠵᠡᠷᠭᠡ ᠵᠢ ᠬᠢᠨᠠᠨ ᠵᠥᠪᠯᠡᠵᠦ ᠪᠠᠲᠤᠯᠠᠪᠠ᠃      ᠬᠤᠷᠠᠯ ᠡᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ‍ᠤ ᠵᠠᠰᠠᠭ ‍ᠤᠨ ᠤᠷᠳᠤᠨ ‍ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠡᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠡᠷ ᠬᠠᠭᠤᠯᠪᠤᠷᠢᠯᠠᠬᠤ ᠵᠢ ᠡᠷᠡᠰ ᠬᠤᠷᠢᠭᠯᠠᠨ᠎ᠠ 蒙ICP备05070829号