6 ᠰᠠᠷ᠎ᠠ ᠶᠢᠨ 23 ᠤ ᠡᠳᠦᠷ᠂ ᠳᠠᠷᠬᠠᠨ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ | ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠪᠠᠲᠤᠬᠠᠭᠠᠯᠭ᠎ᠠ ᠪᠠᠯᠭᠠᠰᠤ ᠪᠠ ᠦᠬᠡᠷᠬᠤᠳᠳᠤᠭ ᠪᠠᠯᠭᠠᠰᠤᠨ ᠳᠤ | ᠭᠦᠨᠵᠡᠭᠡᠶᠢᠷᠡᠨ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠬᠤ ᠣᠷᠴᠢᠨ ᠳᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠰᠢᠪᠠᠳᠠᠨ | ᠪᠠᠶᠢᠴᠠᠭᠠᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠤᠨ ᠥᠪᠥᠷ ᠮᠣᠩᠭᠤᠯ ᠤᠨ ᠳᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠯᠤᠭ᠎ᠠ ᠨᠢᠭᠲᠠ ᠤᠶᠠᠯᠳᠤᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠦᠷᠭᠦᠯᠵᠢᠯᠡᠨ ᠤᠨᠢᠨ ᠳᠡᠭᠡᠷ᠎ᠡ ᠨᠢ ᠬᠥᠴᠥᠯᠡᠵᠥ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠬᠢᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ | | | | | | ᠪᠠᠲᠤᠬᠠᠭᠠᠯᠭ᠎ᠠ ᠶᠢᠨ ᠪᠠᠯᠭᠠᠰᠤᠨ ᠤ ᠬᠡᠰᠡᠭ ᠰᠠᠭᠤᠭᠠᠯᠢ ᠠᠷᠠᠳ ᠤᠨ ᠲᠣᠭᠤᠷᠢᠭ ᠵᠢᠴᠢ ᠵᠡᠭᠡᠯᠢ ᠭᠤᠳᠤᠮᠵᠢ ᠳᠤ | ᠂ ᠯᠢᠦ ᠬᠠᠢ ᠴᠢᠤᠸᠠᠨ ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠳᠣᠭᠤᠷᠢᠭ ᠤᠨ | ᠭᠠᠵᠠᠷ ᠰᠢᠷᠣᠢ ᠶᠢ ᠲᠡᠭᠰᠢᠯᠡᠬᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠬᠤᠳᠠ ᠪᠠᠯᠭᠠᠰᠤᠨ ᠤ | ᠬᠠᠮᠢᠶᠠᠷᠤᠯᠲᠠ ᠦᠢᠯᠡᠴᠢᠯᠡᠭᠡ ᠵᠡᠷᠭᠡ ᠠᠵᠢᠯ ᠢ ᠨᠠᠷᠢᠨ ᠣᠶᠢᠯᠠᠭᠠᠪᠠ᠃ ᠲᠡᠷᠡ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠮᠥᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠬᠦ ᠶᠢᠨ ᠴᠢᠬᠤᠯᠠ ᠡᠭᠦᠷᠭᠡ ᠶᠢᠨ ᠨᠢᠭᠡ ᠮᠥᠨ᠃ ᠤᠯᠤᠰ ᠲᠥᠷᠥ ᠶᠢᠨ ᠵᠣᠭᠰᠣᠴᠠ ᠪᠠᠨ ᠦᠨᠡᠨᠬᠦ | ᠳᠡᠭᠡᠭᠰᠢᠯᠡᠭᠦᠯᠵᠦ᠂ ᠪᠦᠬᠦ ᠤᠯᠤᠰ ᠠᠴᠠ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠠᠵᠢᠯ ᠲᠠᠢ ᠤᠶᠠᠯᠳᠤᠭᠤᠯᠤᠨ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠡᠷᠡᠭᠦᠯ ᠬᠠᠮᠠᠭᠠᠯᠠᠯ ᠤᠨ ᠴᠡᠪᠡᠷᠯᠡᠭᠡ | ᠵᠡᠷᠭᠡ ᠠᠵᠢᠯ ᠤᠨ ᠡᠷᠴᠢᠮ ᠢᠶᠠᠨ ᠨᠡᠮᠡᠭᠳᠡᠭᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠲᠠᠷᠠᠬᠠᠶ ᠪᠤᠲᠠᠷᠬᠠᠶ | ᠡᠷᠦᠬᠡ ᠶᠢ ᠨᠤᠷᠠᠭᠠᠵᠤ ᠨᠡᠭᠦᠯᠭᠡᠬᠦ ᠪᠠ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ᠂ ᠡᠪᠳᠡᠷᠬᠡᠶ ᠬᠡᠷᠡᠮ ᠢ | ᠨᠤᠷᠠᠭᠠᠬᠤ ᠶᠢ ᠳᠥᠷᠭᠡᠳᠬᠡᠨ ᠠᠬᠢᠭᠤᠯᠤᠨ᠎ᠠ᠃ ᠬᠤᠲᠠ ᠪᠠᠯᠭᠠᠰᠤᠨ ᠤ ᠳᠦᠷᠰᠦ ᠪᠠᠶᠢᠳᠠᠯ ᠢ ᠲᠠᠰᠤᠷᠠᠯᠲᠠ ᠦᠭᠡᠢ | ᠰᠠᠶᠢᠵᠢᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠳᠡᠭᠡᠭᠰᠢᠯᠡᠭᠦᠯᠵᠥ᠂ ᠰᠢᠨ᠎ᠡ ᠪᠠᠷ | ᠪᠠᠶᠢᠭᠤᠯᠤᠭᠰᠠᠨ ᠪᠤᠶᠤ ᠶᠠᠭ ᠪᠦᠲᠦᠭᠡᠨ ᠪᠠᠶᠢᠭᠤᠯᠵᠤ ᠪᠠᠶᠢᠭ᠎ᠠ ᠪᠠᠭ᠎ᠠ ᠲᠣᠭᠤᠷᠢᠭ ᠤᠨ ᠬᠠᠮᠢᠶᠠᠷᠤᠯᠲᠠ ᠶᠢ | ᠳᠦᠷᠢᠮᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠴᠢᠩᠭ᠎ᠠ ᠨᠠᠶᠢᠳᠠᠪᠥᠷᠢᠵᠢᠭᠤᠯᠬᠤ᠂ ᠪᠠᠭ᠎ᠠ | ᠲᠣᠭᠤᠷᠢᠭ ᠤᠨ ᠣᠷᠣᠵᠤ ᠭᠠᠷᠬᠤ ᠭᠠᠵᠠᠷ ᠢ ᠵᠦᠶ ᠵᠣᠬᠢᠰᠲᠠᠶ ᠲᠣᠬᠢᠷᠠᠭᠤᠯᠵᠤ᠂ ᠬᠠᠲᠠᠭᠤᠷᠠᠭᠤᠯᠤᠨ ᠨᠤᠭᠤᠭᠠᠷᠠᠭᠤᠯᠬᠤ | ᠵᠢᠴᠢ ᠠᠵᠤ ᠠᠬᠤᠢ ᠶᠢᠨ ᠬᠠᠮᠢᠶᠠᠷᠤᠯᠲᠠ ᠳᠤ ᠬᠡᠷᠡᠭᠯᠡᠬᠦ ᠭᠡᠷ ᠪᠠᠶᠢᠰᠢᠩ ᠵᠡᠷᠭᠡ ᠪᠡᠯᠡᠳᠬᠡᠮᠵᠢ ᠶᠢ ᠢᠵᠢ ᠪᠦᠷᠢᠳᠦᠭᠦᠯᠦᠨ | ᠳᠡᠬᠦᠯᠳᠡᠷᠵᠢᠭᠦᠯᠵᠥ᠂ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ | ᠵᠶ᠋ᠠᠨᠪᠠᠶᠢᠭᠤᠯᠬᠤ᠂ ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ᠂ ᠳᠤᠷ᠎ᠠ ᠪᠠᠷ ᠬᠠᠶᠠᠬᠤ ᠵᠡᠷᠭᠡ ᠠᠰᠠᠭᠤᠳᠠᠯ ᠢ | ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠤᠲᠠ ᠶᠢᠨ ᠬᠠᠮᠢᠶᠠᠷᠤᠯᠳᠠ ᠶᠢᠨ ᠬᠢᠷᠢ ᠬᠡᠮᠵᠢᠶ᠎ᠡ | ᠪᠣᠯᠤᠨ ᠣᠳᠣ ᠦᠶ᠎ᠡ ᠶᠢᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠬᠦ ᠭᠡᠷᠡᠭᠳᠡᠢ᠃ | | | | | | | ᠦᠬᠡᠷᠬᠤᠳᠳᠤᠭ ᠪᠠᠯᠭᠠᠰᠤᠨ ᠤ ᠤᠯᠠᠭᠠᠨᠬᠤᠳᠳᠤᠭ ᠲᠣᠰᠬᠤᠨ᠂ ᠲᠠᠢ ᠫᠢᠩ ᠲᠣᠰᠬᠤᠨ᠂ ᠰᠠᠶᠢᠨᠬᠤᠳᠳᠤᠭ | ᠲᠣᠰᠬᠤᠨ ᠳᠤ ᠯᠢᠦ ᠬᠠᠢ ᠴᠢᠤᠸᠠᠨ ᠲᠣᠰᠬᠤᠨ ᠤ ᠳᠦᠷᠰᠦ ᠪᠠᠶᠢᠳᠠᠯ ᠪᠣᠯᠤᠨ ᠣᠷᠴᠢᠨ ᠲᠣᠭᠤᠷᠢᠨ ᠤ ᠠᠷᠢᠭᠤᠨ | ᠴᠡᠪᠡᠷ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠡᠨᠡ | ᠵᠢᠯ ᠪᠣᠯ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢᠨ ᠡᠴᠦᠰ ᠤᠨ ᠵᠢᠯ ᠪᠣᠯᠤᠨ᠎ᠠ᠂ ᠴᠠᠭ ᠪᠠᠴᠢᠮ᠂ ᠡᠭᠦᠷᠭᠡ ᠬᠦᠨᠳᠦ ᠪᠠᠶᠢᠨ᠎ᠠ᠃ | ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠶᠡᠷᠥᠩᠭᠡᠶᠢᠯᠡᠨ ᠠᠳᠬᠤᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠲᠣᠰᠬᠤᠨ ᠤ ᠱᠠᠲᠤᠨ ᠤ ᠥᠪᠡᠷᠲᠡᠭᠡᠨ ᠵᠠᠰᠠᠬᠤ | ᠵᠣᠬᠢᠶᠠᠨ ᠪᠠᠶᠢᠭᠤᠯᠤᠯᠲᠠ ᠶᠢᠨ ᠦᠢᠯᠡᠳᠥᠯ ᠢ ᠭᠥᠢᠴᠡᠳ ᠪᠠᠳᠠᠷᠠᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠶᠢ | ᠴᠢᠩᠭᠠᠳᠬᠠᠵᠤ᠂ ᠣᠯᠠᠨ ᠲᠦᠮᠡᠨ ᠢ ᠪᠥᠬᠦ ᠲᠠᠯ᠎ᠠ ᠪᠠᠷ ᠳᠠᠶᠢᠴᠢᠯᠠᠵᠤ᠂ ᠬᠥᠮᠥᠨ ᠪᠦᠬᠦᠨ ᠳᠡᠮᠵᠢᠬᠦ᠂ ᠬᠥᠮᠦᠨ ᠪᠦᠬᠦᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠣᠷᠣᠯᠴᠠᠬᠤ ᠶᠢ ᠬᠦᠴᠦᠯᠡᠨ ᠪᠤᠢ ᠪᠣᠯᠭᠠᠬᠤ ᠬᠡᠷᠡᠭᠲᠡᠶ᠃ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠰᠢᠢᠳᠪᠥᠷᠢᠯᠡᠬᠦ᠂ ᠵᠣᠷᠯᠣᠩ ᠤᠨ | ᠬᠤᠪᠢᠰᠬᠠᠯ ᠪᠠ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠵᠠᠩᠭᠢᠯᠠᠭ᠎ᠠ ᠶᠢᠨ | ᠭᠤᠭᠴᠤᠭ᠎ᠠ ᠪᠠ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠢᠯ ᠲᠣᠰᠬᠤᠨ ᠢ ᠴᠡᠪᠡᠷᠯᠡᠬᠦ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠭᠡᠷ ᠤᠨ | ᠡᠮᠦᠨᠡᠬᠢ ᠭᠡᠷ ᠤᠨ ᠠᠷᠤ ᠥᠪᠥᠷ᠂ ᠬᠦᠷᠢᠶ᠎ᠡ ᠬᠠᠰᠢᠶ᠎ᠠ ᠶᠢᠨ ᠳᠣᠲᠣᠷ᠎ᠠ ᠭᠠᠳᠠᠨᠠᠬᠢ ᠡᠯᠳᠡᠪ ᠪᠣᠳᠠᠰ ᠢ | ᠤᠬᠠᠮᠰᠠᠷ ᠠᠴᠠ ᠪᠠᠨ ᠴᠡᠪᠡᠷᠯᠡᠭᠦᠯᠵᠦ᠂ ᠴᠡᠪᠡᠷ ᠲᠡᠭᠰᠢ ᠠᠮᠢᠳᠤᠷᠠᠯ ᠤᠨ ᠣᠷᠴᠢᠨ ᠲᠣᠭᠤᠷᠢᠨ ᠢ ᠢᠳᠡᠪᠬᠢᠲᠡᠶ ᠪᠠᠷ ᠪᠤᠢ | ᠪᠣᠯᠭᠠᠬᠤ ᠬᠡᠷᠡᠭᠲᠡᠶ᠃ ᠤᠷᠲᠤ ᠬᠤᠭᠤᠴᠠᠭ᠎ᠠ ᠪᠦᠲᠦᠮᠵᠢᠲᠡᠶ ᠬᠠᠮᠢᠶᠠᠷᠤᠨ ᠬᠠᠮᠠᠭᠠᠯᠠᠬᠤ᠂ ᠠᠷᠢᠭᠤᠨ ᠴᠡᠪᠡᠷ ᠢ | ᠬᠠᠮᠠᠭᠠᠯᠠᠬᠤ ᠪᠠᠶᠢᠩᠭᠤᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ᠂ | ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ᠂ ᠠᠵᠢᠯ ᠦᠢᠯᠡᠰ ᠡᠷᠭᠢᠯᠡᠬᠦ ᠳᠤ ᠨᠠᠩ ᠲᠣᠬᠢᠷᠠᠮᠵᠢᠲᠠᠶ ᠪᠠᠶᠢᠬᠤ ᠶᠢ | ᠠᠬᠢᠭᠤᠯᠤᠨ᠎ᠠ᠃ | ᠬᠤᠰᠢᠭᠤᠨ ᠤ ᠤᠳᠤᠷᠢᠳᠤᠯᠭ᠎ᠠ ᠭᠡᠷᠡᠯ᠂ ᠶᠠᠩ ᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | |