6 ᠰᠠᠷ᠎ᠠ ᠶᠢᠨ 23 ᠤ ᠡᠳᠦᠷ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠠᠵᠢᠯ ᠢ ᠪᠠᠶᠢᠴᠠᠭᠠᠨ ᠰᠤᠳᠤᠯᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠥᠷᠢᠳᠥ ᠪᠣᠳᠣᠯᠭ᠎ᠠ ᠶᠢᠨ ᠪᠠᠶᠢᠷᠢᠯᠠᠭᠤᠯᠤᠯᠳᠡ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ | ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ | ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠰᠠᠭᠤᠳᠠᠯ ᠪᠠ ᠪᠠᠭᠤᠷᠠᠶ ᠲᠠᠯ᠎ᠠ ᠶᠢ | ᠳᠣᠪᠤᠶᠢᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ | ᠳᠤᠲᠠᠭᠤᠳᠠᠯ ᠢᠶᠠᠨ ᠨᠥᠬᠦᠪᠥᠷᠢᠯᠡᠵᠥ᠂ ᠰᠡᠭᠦᠯ ᠬᠤᠷᠢᠶᠠᠬᠤ ᠱᠠᠲᠤᠨ ᠤ ᠡᠯ᠎ᠡ ᠵᠦᠢᠯ ᠤᠨ ᠡᠭᠦᠷᠭᠡ ᠶᠢ ᠯᠠᠪᠳᠠᠭᠤᠨ | ᠪᠠᠲᠤᠲᠠᠶ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠪᠥᠬᠦ | ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠶᠢ ᠦᠨᠡᠨᠬᠦ ᠪᠠᠲᠤᠯᠠᠨ᠎ᠠ᠃ | | ᠨᠢᠭᠡ ᠭᠠᠵᠠᠷ ᠬᠦᠷᠬᠦ ᠪᠦᠷᠢ᠂ ᠯᠢᠦ ᠬᠠᠢ ᠴᠢᠤᠸᠠᠨ ᠶᠠᠳᠠᠭᠤ ᠬᠦᠴᠢᠷᠳᠡᠯᠲᠡᠢ ᠡᠷᠦᠬᠡ ᠶᠢᠨ ᠭᠡᠷ ᠲᠤ ᠣᠷᠣᠵᠤ᠂ | ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠡᠪᠦᠳᠦᠭ ᠨᠤᠭᠤᠯᠤᠨ ᠶᠠᠷᠢᠯᠴᠠᠵᠤ᠂ ᠭᠡᠷ ᠪᠦᠯᠢ ᠶᠢᠨ ᠣᠷᠣᠯᠭ᠎ᠠ᠂ | ᠣᠷᠣᠨ ᠰᠠᠭᠤᠴᠠ᠂ ᠤᠰᠤ ᠤᠮᠳᠠ ᠵᠡᠷᠭᠡ ᠦᠢᠯᠡᠳᠪᠥᠷᠢᠯᠡᠯ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ | ᠶᠠᠳᠠᠭᠤ ᠬᠦᠴᠢᠷᠳᠡᠯᠲᠡᠶ ᠡᠷᠦᠬᠡ ᠶᠢᠨ ᠲᠣᠳᠣᠷᠬᠠᠶ ᠺᠠᠷᠲ ᠳᠡᠭᠡᠷᠡᠬᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠪᠠᠶᠢᠴᠠᠭᠠᠨ ᠦᠵᠡᠵᠦ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ᠂ ᠡᠷᠡᠭᠦᠯ ᠮᠡᠨᠳᠦ ᠪᠠᠷ | ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ᠂ ᠠᠵᠢᠯ ᠣᠯᠭᠤᠯᠳᠡ ᠪᠠᠷ ᠶᠠᠳᠠᠭᠤ ᠶᠢ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠵᠥ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠶ | ᠥᠭᠡᠳᠡᠷᠬᠡᠭ᠂ ᠥᠪᠡᠷ ᠢᠶᠠᠨ ᠳᠡᠭᠵᠢᠷᠡᠵᠥ᠂ ᠠᠮᠢᠳᠤᠷᠠᠯ ᠢᠶᠠᠨ ᠤᠯᠠᠮ ᠰᠠᠶᠢᠨ ᠪᠤᠯᠭᠠᠬᠤ ᠪᠠᠷ ᠴᠢᠷᠮᠠᠶᠢᠬᠤ ᠬᠡᠷᠡᠭᠳᠡᠢ | ᠭᠡᠵᠡᠢ᠃ | | ᠯᠢᠦ ᠬᠠᠢ ᠴᠢᠤᠸᠠᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠪᠣᠯ ᠣᠳᠣᠬᠠᠨ ᠤ ᠬᠠᠮᠤᠭ ᠤᠨ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠮᠥᠨ᠂ ᠪᠦᠬᠦ ᠬᠤᠰᠢᠭᠤᠨ ᠤ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ | ᠪᠠᠬᠢ ᠪᠣᠯᠭᠠᠵᠤ᠂ ᠳᠡᠭᠡᠳᠥ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ᠂ ᠲᠤᠰᠬᠠᠶ ᠠᠩᠭᠢ ᠪᠠᠷ ᠠᠬᠢᠭᠤᠯᠬᠤ᠂ | ᠪᠣᠳᠠᠲᠠᠶ ᠪᠠᠶᠢᠴᠠᠭᠠᠵᠥ ᠪᠣᠳᠠᠲᠠᠶ ᠥᠭᠡᠷᠡᠴᠢᠯᠡᠬᠦ ᠶᠢ ᠪᠠᠷᠢᠮᠲᠠᠯᠠᠵᠤ᠂ ᠬᠤᠰᠢᠭᠤᠨ ᠤ ᠤᠳᠤᠷᠢᠳᠤᠯᠭ᠎ᠠ᠂ ᠠᠵᠢᠯ | ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ︽ | ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠳᠡᠳᠬᠦᠬᠦ ᠬᠠᠷᠢᠭᠤᠴᠠᠯᠭᠠᠲᠠᠨ ᠤ | ︽ᠵᠢᠷᠭᠤᠭᠠᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠴᠡᠭᠴᠡᠯᠡᠨ | ᠰᠠᠶᠢᠵᠢᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠶᠠᠰᠤ ᠴᠢᠨᠠᠷ ᠢ ᠳᠡᠭᠡᠭᠰᠢᠯᠡᠬᠦ ᠡᠯ᠎ᠡ ᠵᠦᠢᠯ ᠤᠨ ᠰᠡᠭᠦᠯ | ᠬᠤᠷᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠪᠠᠲᠤᠯᠠᠨ᠎ᠠ᠃ ᠶᠠᠳᠠᠭᠤ ᠬᠦᠴᠢᠷᠳᠡᠯᠲᠡᠶ | ᠡᠷᠦᠬᠡ ᠶᠢ ᠬᠠᠪᠰᠤᠷᠤᠨ ︽ᠠᠵᠤ ᠠᠬᠤᠢ ᠶᠢᠨ ᠳᠠᠩᠰᠠ︾ ᠶᠢ ᠰᠠᠶᠢᠲᠤᠷ ᠪᠣᠳᠣᠵᠤ᠂ ᠶᠠᠳᠠᠭᠤ ᠬᠦᠴᠢᠷᠳᠡᠯᠲᠡᠶ | ᠡᠷᠦᠬᠡ ᠶᠢ ᠰᠤᠷᠪᠤᠯᠵᠢᠯᠠᠨ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠭᠥᠨᠵᠡᠭᠡᠶᠢᠷᠡᠭᠦᠯᠵᠥ᠂ ᠶᠠᠳᠠᠭᠤ | ᠬᠦᠴᠢᠷᠳᠡᠯᠲᠡᠶ ᠡᠷᠦᠬᠡ ᠶᠢᠨ ᠪᠣᠳᠠᠲᠠᠶ ᠬᠦᠴᠢᠷᠳᠡᠯ ᠢ ᠦᠨᠡᠨᠬᠦ ᠰᠠᠶᠢᠲᠤᠷ ᠰᠢᠢᠳᠪᠥᠷᠢᠯᠡᠵᠥ ᠥᠭᠭᠦᠨ᠎ᠡ᠃ ᠪᠦᠬᠦ | ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ | ᠣᠯᠭᠤᠯᠲᠠ ᠪᠠᠷ ᠶᠠᠳᠠᠭᠤ ᠶᠢ ᠲᠡᠳᠬᠦᠬᠦ ᠪᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠨᠢᠭᠡᠳᠦᠯᠲᠡᠶ ᠲᠥᠯᠥᠪᠯᠡᠨ | ᠪᠣᠳᠠᠲᠠᠶ ᠠᠳᠬᠤᠵᠤ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ | ᠠᠵᠢᠯ ᠢ ᠴᠢᠩᠭᠠᠳᠬᠠᠨ ᠲᠡᠭᠦᠯᠳᠡᠷᠵᠢᠭᠦᠯᠵᠦ᠂ ᠬᠢᠯᠪᠠᠷ ᠪᠤᠰᠤ ᠪᠠᠷ ᠣᠯᠤᠭᠰᠠᠨ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠥᠨ ᠥᠷᠭᠡᠳᠬᠡᠬᠦ ᠬᠡᠷᠡᠭᠳᠡᠢ᠃ |