ᠮᠢᠩᠭᠠᠨ ᠪᠠᠯᠭᠠᠰᠤ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠤᠯᠤᠰ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ᠂ ᠨᠡᠶᠢᠳᠡ ᠪᠠᠨ ᠬᠠᠶᠢᠷᠠᠯᠠᠬᠤ ᠲᠡᠷᠢᠭᠦᠨ ᠤ ᠦᠢᠯᠡ ᠠᠵᠢᠯᠯᠠᠭ᠎ᠠ ᠶᠢ ᠬᠦᠤᠷᠨᠢᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-06-30
     ᠳᠤᠮᠳᠠᠳᠤ ᠤᠯᠤᠰ  ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠭᠡᠯᠡᠵᠦ᠂ ᠲᠥᠪ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠡᠪ ᠳᠠᠭᠤᠷᠢᠶᠠᠯ ᠦᠵᠡᠭᠦᠯᠵᠥ᠂ ᠥᠷᠭᠡᠨ ᠣᠯᠠᠨ ᠨᠠᠮ ᠤᠨ ᠭᠡᠰᠢᠭᠦᠨ ᠤ ᠢᠲᠡᠭᠡᠯ ᠵᠣᠷᠢᠭ  ᠢ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠥ᠂ ᠡᠭᠦᠷᠭᠡ ᠬᠠᠷᠢᠭᠤᠴᠠᠯᠭ᠎ᠠ ᠪᠠᠨ ᠭᠥᠢᠴᠡᠳᠬᠡᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢᠨ ᠲᠥᠯᠥᠭᠡ᠂ 6 ᠰᠠᠷ᠎ᠠ ᠶᠢᠨ 29 ᠤ ᠡᠳᠦᠷ᠂ ᠮᠢᠩᠭᠠᠨ ᠪᠠᠯᠭᠠᠰᠤ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠬᠠᠭᠤᠴᠢᠨ ᠰᠠᠭᠤᠴᠠ ᠳᠤ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠤᠯᠤᠰ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ᠂ ᠨᠡᠶᠢᠳᠡ ᠪᠠᠨ ᠬᠠᠶᠢᠷᠠᠯᠠᠬᠤ ᠲᠡᠷᠢᠭᠦᠨ ᠤ ᠦᠢᠯᠡ ᠠᠵᠢᠯᠯᠠᠭ᠎ᠠ ᠶᠢ ᠬᠦᠤᠷᠨᠢᠬᠦ ᠠᠵᠢᠯᠯᠠᠭ᠎ᠠ ᠥᠷᠨᠢᠭᠦᠯᠵᠦ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠳᠡᠭᠦᠤ ᠯᠦᠩ ᠮᠧᠶ᠂ ᠢᠦᠶ ᠷᠦᠩ ᠤᠷᠢᠭᠳᠠᠨ ᠣᠷᠣᠯᠴᠠᠵᠠᠶ᠃ ᠮᠢᠩᠭᠠᠨ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠰᠢᠷᠠᠴᠢᠯᠠᠭᠤ ᠭᠠᠴᠠᠭ᠎ᠠ᠂ ᠳᠠᠷᠬᠠᠨ ᠰᠤᠮᠤᠨ ᠤ ᠬᠡᠰᠡᠭ ᠭᠠᠴᠠᠭ᠎ᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠢᠲᠡᠭᠡᠮᠵᠢ ᠶᠢᠨ ᠬᠤᠷᠰᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠪᠠᠷᠠᠭᠤᠨ ᠬᠤᠰᠢᠭᠤᠨ ᠤ ᠬᠠᠮᠢᠶᠠᠷᠤᠯᠲᠠ ᠶᠢᠨ ᠵᠥᠪᠯᠡᠯ᠂ ᠾᠧᠪᠸᠢ ᠶᠢᠨ ᠵᠡᠭᠦᠨ ᠬᠡᠰᠡᠭ ᠤᠨ ᠱᠦᠢᠨᠢ ᠶᠢᠨ ᠦᠢᠯᠡᠳᠪᠥᠷᠢᠯᠡᠯ ᠵᠡᠷᠭᠡ ᠨᠢᠭᠡᠴᠡ ᠶᠢᠨ ᠨᠠᠮ ᠤᠨ ᠭᠡᠰᠢᠭᠦᠨ ᠣᠷᠣᠯᠴᠠᠵᠠᠶ᠃
     ᠮᠢᠩᠭᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠦᠷᠢᠨ ᠨᠥᠬᠦᠷ ᠬᠤᠷᠠᠯ ᠡᠬᠢᠯᠡᠬᠦ ᠦᠭᠡ ᠬᠡᠯᠡᠵᠦ᠂ ᠲᠡᠷᠡ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠨᠢ ᠬᠠᠮᠲᠤ ᠶᠢᠨ ᠡᠳ᠋ ᠬᠥᠷᠥᠩᠭᠡ ᠶᠢ ᠬᠠᠮᠠᠭᠠᠯᠠᠬᠤ ᠵᠣᠷᠢᠭ ᠰᠠᠨᠠᠭ᠎ᠠ ᠪᠠᠷ  ᠥᠪᠡᠷ ᠤᠨ ᠠᠮᠢ ᠨᠠᠰᠤᠨ ᠤ ᠣᠷᠭᠢᠯᠤᠮ᠎ᠠ ᠰᠡᠳᠬᠢᠯᠭᠡ ᠪᠠᠷ ᠪᠠᠭᠠᠲᠤᠷᠴᠤᠳ ᠤᠨ ᠬᠥᠭᠵᠢᠮ ᠢ ᠪᠢᠴᠢᠭᠯᠡᠵᠡᠶ᠃ ᠡᠭᠡᠴᠢ ᠥᠬᠢᠨ ᠳᠡᠭᠦᠦ ᠬᠤᠶᠠᠭᠤᠯᠠ ᠶᠢᠨ ᠡᠷᠡᠰ ᠬᠠᠲᠠᠭᠤ ᠵᠣᠷᠢᠭ ᠰᠠᠨᠠᠭ᠎ᠠ ᠨᠢ ᠬᠡᠵᠢᠶᠡᠳᠡ ᠬᠥᠮᠦᠰ ᠤᠨ ᠰᠡᠳᠬᠢᠯ ᠳᠤ ᠦᠯᠡᠳᠡᠨ᠎ᠡ᠃ ᠲᠡᠳᠡᠨ ᠤ ᠪᠠᠭᠠᠲᠤᠷᠯᠢᠭ ᠦᠢᠯᠡ ᠠᠵᠢᠯᠯᠠᠭ᠎ᠠ ᠨᠢ ᠬᠥᠬᠡᠮᠥ᠋ᠷᠡᠨ ᠤ ᠡᠮᠦᠨ᠎ᠡ ᠤᠮᠠᠷ᠎ᠠ ᠬᠦᠷᠲᠡᠯ᠎ᠡ ᠤᠯᠠᠮᠵᠢᠯᠠᠭᠳᠠᠵᠤ᠂ ᠦᠶ᠎ᠡ ᠦᠶ᠎ᠡ ᠶᠢᠨ ᠳᠤᠮᠳᠠᠳᠤᠴᠤᠳ ᠢ ᠨᠥᠯᠥᠭᠡᠯᠡᠵᠦ ᠂ ᠳᠤᠮᠳᠠᠳᠤ ᠶᠢᠨ ᠬᠥᠪᠡᠭᠦᠳ ᠥᠬᠢᠳ ᠢ ᠵᠣᠷᠢᠭᠵᠢᠭᠤᠯᠵᠤ ᠪᠠᠶᠢᠨ᠎ᠠ᠃ ᠲᠠᠯ᠎ᠠ ᠨᠤᠲᠤᠭ ᠤᠨ ᠠᠷᠠᠳ ᠲᠦᠮᠡᠨ ᠡᠶᠢᠮᠦ ᠰᠠᠶᠢᠨ ᠥᠬᠢᠨ ᠲᠠᠢ ᠪᠣᠯᠤᠭᠰᠠᠨ ᠳᠠᠭᠠᠨ ᠨᠡᠩ ᠣᠮᠣᠭᠰᠢᠵᠤ ᠪᠠᠶᠢᠨ᠎ᠠ᠃
     ᠳᠠᠷᠠᠭ᠎ᠠ ᠨᠢ᠂ ᠥᠬᠢᠨ ᠳᠡᠭᠦᠦ ᠢᠦᠶ ᠷᠦᠩ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠶᠠᠷᠢᠵᠤ᠂ ᠦᠨᠡᠨ ᠪᠣᠳᠠᠲᠠᠶ᠂ ᠠᠮᠢᠳᠤᠯᠢᠭ ᠲᠠᠶᠢᠯᠪᠤᠷᠢ ᠪᠠᠷ ᠳᠠᠮᠵᠢᠨ᠂ ᠣᠯᠠᠨ ᠢ ᠲᠡᠷᠡ ᠬᠦ ᠮᠠᠷᠲᠠᠭᠳᠠᠰᠢ ᠦᠭᠡᠢ ᠣᠨ ᠰᠠᠷ᠎ᠠ ᠬᠦᠷᠲᠡᠯ᠎ᠡ ᠳᠠᠬᠢᠨ ᠡᠷᠭᠢᠴᠡᠭᠦᠯᠵᠦ᠂ ᠪᠠᠭᠠᠲᠤᠷ ᠤᠨ ᠦᠰᠦᠨ ᠪᠤᠶᠢᠵᠢᠭᠰᠠᠨ ᠥᠩᠭᠡᠷᠡᠯᠲᠡ ᠶᠢ ᠭᠡᠷᠡᠴᠢᠯᠡᠵᠦ᠂ ᠪᠠᠭᠠᠲᠤᠷᠴᠤᠳ ᠤᠨ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠪᠠ᠃ ᠡᠭᠡᠴᠢ ᠯᠥᠩ ᠮᠧᠶ᠂ ᠪᠦᠬᠦ ᠨᠠᠮ ᠤᠨ ᠭᠡᠰᠢᠭᠦᠳ ᠨᠠᠮ ᠤᠨ ᠤᠷᠢᠶᠠᠯᠠᠭ᠎ᠠ ᠶᠢ ᠡᠷᠡᠰ ᠳᠠᠭᠠᠬᠤ ᠶᠢ ᠬᠥᠰᠡᠵᠥ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠨᠠᠮ ᠤᠨ ᠦᠢᠯᠡᠰ ᠲᠤ ᠢᠳᠡᠪᠬᠢᠲᠡᠢ ᠣᠷᠣᠯᠴᠠᠵᠤ᠂ ᠥᠪᠡᠷ ᠢ ᠪᠠᠨ ᠡᠪ ᠬᠠᠮᠲᠤ ᠨᠠᠮ ᠤᠨ ᠭᠡᠰᠢᠭᠦᠨ ᠭᠡᠳᠡᠭ ᠢᠶᠠᠨ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠵᠣᠷᠢᠯᠳᠠ ᠪᠠᠨ ᠪᠠᠲᠤ ᠴᠡᠭᠡᠵᠢᠯᠡᠵᠦ᠂ ᠨᠠᠮ ᠤᠨ ᠬᠠᠯᠠᠮᠵᠢᠯᠠᠯ ᠳᠤ ᠲᠠᠯᠠᠷᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠢᠳᠡᠪᠬᠢ ᠬᠦᠴᠦᠨ ᠢ ᠤᠯᠠᠮᠵᠢᠯᠠᠬᠤ ᠶᠢ ᠱᠠᠭᠠᠷᠳᠠᠵᠠᠢ᠃
     ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠯᠦᠩ ᠮᠧᠶ᠂ ᠢᠦᠶ ᠷᠦᠩ ᠬᠤᠷᠠᠯ ᠳᠤ ᠣᠷᠣᠯᠴᠠᠭᠰᠠᠨ ᠪᠦᠬᠦ ᠨᠠᠮ ᠤᠨ ᠭᠡᠰᠢᠭᠦᠳ ᠢ ᠳᠠᠭᠠᠭᠤᠯᠤᠨ ᠲᠥᠪ ᠴᠢᠩᠭ᠎ᠠ ᠲᠠᠩᠭᠠᠷᠢᠭ ᠬᠢᠵᠦ᠂ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠡᠷᠭᠢᠴᠡᠭᠦᠯᠵᠦ᠂ ᠨᠠᠮ ᠳᠤ ᠣᠷᠣᠬᠤ ᠤᠭ ᠰᠠᠨᠠᠭ᠎ᠠ ᠪᠠᠨ ᠪᠠᠲᠤ ᠴᠡᠭᠡᠵᠢᠯᠡᠬᠦ ᠬᠡᠷᠡᠭᠲᠡᠶ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号