ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠬᠤᠭᠤᠴᠠᠭᠠᠨ ᠳᠤ ᠡᠷᠡᠯᠬᠡᠭ ᠪᠠᠭᠠᠲᠤᠷᠯᠢᠭ ᠢᠶᠠᠷ ᠲᠡᠮᠡᠴᠡᠭᠰᠡᠨ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ | ᠭᠡᠰᠢᠭᠦᠨ᠂ ᠺᠠᠳ᠋ᠷ ᠪᠣᠯᠤᠨ ᠲᠡᠷᠢᠭᠦᠨ ᠤ ᠠᠵᠢᠯᠲᠠᠳ ᠢ ᠵᠣᠷᠢᠭᠵᠢᠭᠤᠯᠬᠤ ᠶᠢᠨ ᠲᠥᠯᠥᠭᠡ᠂ ᠪᠦᠬᠦ ᠨᠠᠮ ᠤᠨ ᠭᠡᠰᠢᠭᠦᠨ | ᠺᠠᠳ᠋ᠷᠴᠤᠳ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ | ᠭᠡᠰᠢᠭᠦᠨ ᠺᠠᠳ᠋ᠷ ᠪᠤᠯᠤᠨ ᠣᠯᠠᠨ ᠲᠦᠮᠡᠨ ᠤ ᠬᠠᠷᠢᠴᠠᠭ᠎ᠠ ᠶᠢ ᠨᠠᠩ ᠨᠢᠭᠲᠠᠷᠠᠭᠤᠯᠵᠤ᠂ ᠠᠷᠠᠳ ᠲᠦᠮᠡᠨ ᠳᠤ ᠨᠠᠩ | ᠰᠠᠶᠢᠨ ᠦᠢᠯᠡᠴᠢᠯᠡᠵᠦ᠂ 6 ᠰᠠᠷ᠎ᠠ ᠶᠢᠨ 28 ᠤ ᠡᠳᠦᠷ᠂ ᠮᠢᠩᠭᠠᠨ ᠪᠠᠯᠭᠠᠰᠤ ︽ᠨᠠᠮ ᠪᠠᠶᠢᠭᠤᠯᠤᠭᠳᠠᠭᠰᠠᠨ 99 | ᠵᠢᠯ ᠤᠨ ᠣᠢ︾ ᠵᠢᠴᠢ ︽7.1︾ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ | ᠮᠡᠨᠳᠦᠯᠡᠭᠰᠡᠨ 99 ᠵᠢᠯ ᠤᠨ ᠤᠢ ᠶᠢ ᠬᠠᠮᠲᠤ ᠪᠠᠷ ᠪᠡᠯᠭᠡᠯᠡᠪᠡ᠃ | ᠦᠳᠡ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠶᠤᠸᠠᠨ ᠱᠢ ᠺᠤᠸᠠᠨ | ᠯᠧᠺᠲ᠋ᠣᠷ ᠢ ᠤᠷᠢᠵᠤ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠠᠶᠢᠯᠪᠤᠷᠢᠯᠠᠨ ᠥᠭᠴᠦ᠂ | ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠳᠣᠯᠣᠭᠠᠨ ᠭᠠᠴᠠᠭᠠᠨ ᠤ ︽ᠬᠤᠶᠠᠷ | ᠵᠥᠪᠯᠡᠯ︾ ᠤᠨ ᠪᠠᠭ ᠤᠨ ᠪᠦᠷᠢᠯᠳᠦᠬᠦᠨ᠂ ᠪᠦᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ | ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ ᠶᠤᠸᠠᠨ ᠱᠢ ᠺᠤᠸᠠᠨ ᠯᠧᠺᠲ᠋ᠣᠷ ᠶᠡᠷᠦᠩᠬᠡᠶ ᠰᠠᠶᠢᠳ ᠯᠢ ᠺᠧ | ᠴᠢᠶᠠᠩ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠥ ᠠᠷᠠᠳ ᠤᠯᠤᠰ ᠤᠨ ᠢᠷᠭᠡᠨ ᠤ ᠬᠠᠤᠯᠢ ᠶᠢᠨ | ᠪᠢᠴᠢᠭ︾᠂ ︽ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠬᠠᠤᠯᠢ ᠴᠠᠭᠠᠵᠠ ᠶᠢᠨ ᠲᠦᠷᠢᠮ ᠪᠠ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ | ᠲᠤᠬᠠᠶ ᠲᠣᠭᠲᠠᠭᠠᠯ︾ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ ᠪᠥᠬᠦ ᠤᠯᠤᠰ ᠤᠨ ︽ᠬᠤᠶᠠᠷ ᠬᠤᠷᠠᠯ︾ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠠᠶᠢᠯᠪᠤᠷᠢᠯᠠᠪᠠ᠃ ᠨᠠᠮ ᠤᠨ ᠭᠡᠰᠢᠭᠦᠨ ᠺᠠᠳ᠋ᠷᠴᠤᠳ ︽ᠬᠤᠶᠠᠷ ᠬᠤᠷᠠᠯ︾ ᠤᠨ | ᠵᠣᠷᠢᠭ ᠰᠠᠨᠠᠭ᠎ᠠ ᠶᠢ ᠨᠠᠩ ᠭᠦᠨ ᠳᠠᠪᠬᠤᠷᠭ᠎ᠠ ᠶᠢᠨ ᠳᠠᠨᠢᠯᠳᠡ ᠲᠠᠢ ᠪᠣᠯᠭᠠᠵᠤ᠂ ᠬᠤᠶᠢᠰᠢᠳᠠ ᠶᠢᠨ ᠠᠵᠢᠯ ᠢ ᠰᠠᠶᠢᠲᠤᠷ | ᠬᠢᠬᠦ ᠴᠢᠭᠯᠡᠯ ᠢ ᠲᠣᠳᠣᠷᠬᠠᠶ ᠵᠢᠭᠠᠭᠰᠠᠨ ᠪᠥᠭᠡᠳ ᠰᠢ ᠶᠢᠨ ᠫᠢᠩ ᠢᠶᠠᠷ ᠶᠡᠷᠦᠩᠬᠡᠶ ᠱᠦᠵᠢ ᠪᠣᠯᠭᠠᠭᠰᠠᠨ ᠨᠠᠮ ᠤᠨ | ᠲᠥᠪ ᠬᠤᠷᠢᠶᠠᠨ ᠤ ᠪᠠᠲᠤ ᠴᠢᠩᠬ᠎ᠠ ᠤᠳᠤᠷᠢᠳᠤᠯᠭ᠎ᠠ ᠳᠣᠤᠷ᠎ᠠ ᠪᠢᠳᠡ ᠯᠠᠪᠲᠠᠶ ᠲᠦᠮᠡᠨ ᠪᠡᠷᠬᠡ ᠶᠢ ᠢᠯᠠᠨ ᠳᠠᠪᠠᠵᠤ᠂ | ᠵᠠᠮ ᠨᠡᠭᠡᠭᠡᠨ ᠤᠷᠤᠭᠰᠢᠯᠠᠵᠤ ᠴᠢᠳᠠᠨ᠎ᠠ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠤᠷᠠᠨ ᠰᠠᠶᠢᠬᠠᠨ ᠡᠷᠭᠢᠯᠲᠡ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠥ ᠶᠢᠨ ᠵᠡᠭᠦᠳᠦ ᠶᠢ ᠪᠡᠶᠡᠯᠡᠭᠦᠯᠵᠥ᠂ ᠪᠦᠬᠦ ᠨᠠᠮ ᠤᠨ ᠭᠡᠰᠢᠭᠦᠨ ᠺᠠᠳ᠋ᠷ | ᠴᠠᠭ ᠢᠮᠠᠭᠲᠠ ᠨᠢᠭᠡᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ | ᠥᠪᠡᠷ ᠢ ᠪᠠᠨ ᠤᠷᠮᠠᠰᠢᠭᠤᠯᠤᠨ ᠵᠣᠷᠢᠭᠵᠢᠭᠤᠯᠵᠥ᠂ ᠥᠪᠡᠷ ᠤᠨ ᠲᠤᠬᠠᠶᠢᠯᠠᠭᠰᠠᠨ ᠠᠵᠢᠯ ᠢᠶᠠᠨ ᠴᠢᠷᠮᠠᠶᠢᠨ ᠰᠠᠶᠢᠲᠤᠷ | ᠬᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠱᠠᠭᠠᠷᠳᠠᠵᠠᠢ᠃ | |