ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ  ᠳᠤᠪᠴᠢᠶᠠᠨ ᠤ ︽ᠠᠵᠢᠯ ᠣᠯᠭᠤᠯᠲᠠ ᠪᠠᠷ ᠶᠠᠳᠠᠭᠤ ᠶᠢ ᠲᠡᠳᠬᠦᠵᠦ᠂ ᠶᠠᠳᠠᠭᠤ ᠠᠴᠠ ᠠᠩᠭᠢᠵᠠᠷᠠᠭᠤᠯᠬᠤ  ᠳᠤ ᠬᠥᠴᠥ ᠨᠡᠮᠡᠷᠢᠯᠡᠬᠦ︾ᠲᠤᠰᠬᠠᠶ ᠰᠡᠳᠥᠪᠳᠥ ᠠᠵᠢᠯᠲᠠᠨ ᠡᠯᠰᠡᠬᠦ ᠬᠤᠷᠠᠯ ᠨᠢ ᠨᠡᠶᠢᠭᠡᠮ ᠤᠨ ᠡᠯ᠎ᠡ ᠡᠲᠡᠭᠡᠳ ᠤᠨ ᠰᠠᠶᠢᠨ ᠨᠤᠲᠠᠯᠠᠯᠲᠠ ᠶᠢ ᠣᠯᠵᠠᠶ
ᠨᠡᠶᠢᠲᠡᠯᠡᠭᠰᠡᠨ ᠴᠠᠭ᠄
2020-06-04
     ᠡᠨᠡ ᠵᠢᠯ ᠠᠴᠠ ᠨᠠᠰᠢ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ  ᠪᠥᠬᠦᠯᠢ ᠴᠣᠭᠴᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ  ᠰᠢᠢᠳᠪᠥᠷᠢᠯᠡᠬᠦ ᠲᠠᠶᠢᠨ ᠳᠤ ᠪᠦᠬᠦ ᠲᠠᠯ᠎ᠠ ᠪᠠᠷ ᠢᠯᠠᠯᠲᠠ ᠤᠯᠬᠤ ᠪᠠᠷ ᠬᠠᠷᠠᠯᠲᠠ ᠪᠣᠯᠭᠠᠵᠤ᠂ ᠤᠯᠠᠨ ᠵᠥᠢᠯ ᠤᠨ ᠬᠦᠴᠦᠲᠡᠶ ᠠᠷᠭ᠎ᠠ ᠬᠡᠮᠵᠢᠶ᠎ᠡ ᠠᠪᠤᠪᠠ᠃ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠨᠢ ᠰᠢᠭᠤᠶᠢᠲᠤ ᠲᠣᠭᠤᠷᠢᠭ᠂ ᠪᠠᠢ ᠶᠦᠨ ᠲᠣᠭᠤᠷᠢᠭ ᠤᠨ ᠠᠵᠢᠯ ᠣᠯᠭᠤᠯᠲᠠ ᠶᠢᠨ ᠳᠤᠪᠴᠢᠶ᠎ᠠ ᠲᠠᠢ ᠬᠠᠮᠲᠤᠪᠠᠷ ᠶᠠᠳᠠᠭᠤ ᠶᠢ ᠲᠡᠳᠬᠦᠬᠦ ᠲᠤᠷᠰᠢᠯᠭ᠎ᠠ  ᠪᠠᠨ ᠰᠤᠷᠤᠯᠴᠠᠨ ᠰᠣᠯᠢᠯᠴᠠᠵᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦ ᠶᠢᠨ ᠪᠤᠳᠤᠯᠭ᠎ᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠ ᠨᠡᠶᠢᠲᠡᠯᠢᠭ  ᠵᠢᠱᠢᠶ᠎ᠠ ᠶᠢ ᠶᠡᠬᠡᠪᠡᠷ ᠤᠬᠠᠭᠤᠯᠪᠠ᠃ 5 ᠰᠠᠷ᠎ᠠ ᠶᠢᠨ 28 ᠤ ᠡᠳᠦᠷ ᠤᠨ ᠦᠳᠡ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠲᠥ ᠬᠤᠰᠢᠭᠤᠨ ᠤ  ᠰᠢᠪᠠᠷᠬᠦᠷᠢᠶ᠎ᠠ ᠪᠠᠯᠭᠠᠰᠤᠨ ᠤ ᠰᠣᠶᠣᠯ ᠤᠨ ᠠᠭᠤᠳᠠᠮ ᠲᠠᠯᠠᠪᠠᠢ ᠳᠤ ︽ᠠᠵᠢᠯ ᠣᠯᠭᠤᠯᠲᠠ ᠪᠠᠷ ᠶᠠᠳᠠᠭᠤ ᠶᠢ ᠲᠡᠳᠬᠦᠵᠦ᠂ ᠶᠠᠳᠠᠭᠤ ᠠᠴᠠ ᠠᠩᠭᠢᠵᠢᠷᠠᠭᠤᠯᠬᠤ ᠳᠤ ᠬᠥᠴᠥ ᠨᠡᠮᠡᠷᠢᠯᠡᠬᠦ︾ᠲᠤᠰᠬᠠᠶ ᠰᠡᠳᠥᠪᠳᠥ ᠠᠵᠢᠯᠲᠠᠨ ᠡᠯᠰᠡᠬᠦ ᠬᠤᠷᠠᠯ ᠵᠢᠴᠢ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠳᠬ᠎ᠠ ᠤᠷᠠᠯᠢᠭ ᠤᠨ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠨᠤᠲᠠᠯᠠᠯᠲᠠ ᠶᠢ ᠣᠯᠪᠠ᠃
     ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ  ᠨᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠦᠢᠯᠡᠴᠢᠯᠡᠭᠡ ᠶᠢ ᠦᠷᠭᠦᠯᠵᠢᠯᠡᠨ ᠢᠳᠡᠪᠬᠢᠲᠡᠢ ᠥᠷᠨᠢᠭᠦᠯᠵᠦ᠂ ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠠᠷᠢᠶᠠᠴᠢᠳ ᠤᠨ ᠤᠶᠢᠷ᠎ᠠ ᠬᠠᠪᠢ ᠳᠠᠭᠠᠨ ᠠᠵᠢᠯ ᠣᠯᠵᠤ ᠦᠢᠯᠡᠰ ᠪᠣᠰᠬᠠᠬᠤ ᠪᠠᠷ ᠳᠠᠮᠵᠢᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠥᠷᠭᠡᠳᠬᠡᠵᠦ᠂ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠢ ᠬᠦᠴᠦ ᠶᠠᠪᠤᠭᠤᠯᠤᠨ᠂ ᠣᠷᠣᠯᠭ᠎ᠠ ᠲᠠᠢ ᠪᠣᠯᠭᠠᠨ᠎ᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠠᠴᠠ ᠭᠠᠳᠠᠨ ᠎ᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠨᠢ ᠭᠠᠵᠠᠷ ᠣᠷᠣᠨ ᠤ ᠪᠠᠶᠢᠳᠠᠯ  ᠲᠠᠢ ᠨᠢ ᠲᠤᠬᠢᠷᠠᠭᠤᠯᠤᠨ ᠨᠠᠩ ᠣᠯᠠᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠭᠡᠭᠡᠵᠦ᠂ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠲᠤᠬᠠᠢ ᠶᠢᠨ ᠭᠠᠵᠠᠷ ᠲᠤ ᠲᠣᠭᠲᠠᠭᠤᠨ ᠠᠵᠢᠯ ᠣᠯᠬᠤ ᠶᠢ ᠪᠡᠶᠡᠯᠡᠭᠦᠯᠦᠨ᠎ᠡ᠃
      ᠬᠤᠶᠢᠰᠢᠳᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠪᠠᠰᠠ ᠲᠥᠪ ᠤᠨ᠂ ᠮᠣᠵᠢ᠂ ᠬᠤᠲᠠ ᠶᠢᠨ ᠶᠠᠳᠠᠭᠤ  ᠶᠢ ᠲᠡᠳᠬᠦᠬᠦ ᠠᠵᠢᠯ ᠤᠨ ᠲᠤᠬᠠᠶ ᠴᠢᠬᠤᠯᠠ ᠪᠠᠶᠢᠷᠢᠯᠠᠭᠤᠯᠤᠯᠲᠠ ᠶᠢ ᠦᠷᠭᠦᠯᠵᠢᠯᠡᠨ ᠭᠦᠨᠵᠡᠭᠡᠶ  ᠲᠤᠭᠤᠰᠢᠯᠠᠭᠤᠯᠤᠨ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ  ᠢᠶᠠᠷ ᠢᠶᠠᠨ ᠲᠦᠯᠬᠢᠨ ᠠᠬᠢᠭᠤᠯᠵᠤ ᠂ ︽ᠠᠵᠢᠯ ᠣᠯᠭᠤᠯᠲᠠ ᠪᠠᠷ ᠨᠢᠭᠡ ᠬᠥᠮᠦᠨ ᠶᠠᠳᠠᠭᠤ ᠠᠴᠠ ᠠᠩᠭᠢᠵᠢᠷᠠᠬᠤ︾ ᠶᠢ ᠪᠡᠶᠡᠯᠡᠭᠦᠯᠵᠦ᠂ ᠡᠨᠡ ᠤᠳᠠᠭᠠᠨ ᠤ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号