ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ  ᠮᠡᠳᠡᠪᠡᠰᠤ ᠵᠣᠬᠢᠬᠤ ᠵᠦᠢᠯ ︵ᠨᠢᠭᠡ
ᠨᠡᠶᠢᠲᠡᠯᠡᠭᠰᠡᠨ ᠴᠠᠭ᠄
2020/6/5
1.  ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠣᠶ︖    ᠢᠳᠡᠵᠦ ᠡᠮᠦᠰᠬᠦ ᠬᠤᠶᠡᠷ ᠲᠤ ᠵᠣᠪᠠᠭ᠋ᠤ ᠥᠬᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ︵ᠠᠮᠤᠷ ᠲᠦᠪᠰᠢᠨ ᠤᠤᠭᠤᠬᠤ ᠤᠰᠤ︶  ᠭᠤᠷᠪᠡ ᠶᠢ ᠪᠠᠳᠤᠯᠠᠬᠤ᠃ 2.  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠲᠦᠷᠪᠡ ᠶᠢ ᠦᠯᠦ ᠲᠠᠶᠠᠭᠳᠠᠬᠤ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖    ᠶᠠᠳᠠᠭᠤ ᠮᠠᠯᠠᠭᠠᠢ ᠪᠠᠨ ᠲᠠᠶᠠᠭᠳᠠᠭᠰᠠᠨ ᠴᠤ ᠬᠠᠷᠢᠭᠤᠴᠠᠯᠭ᠎ᠠ ᠪᠠᠨ  ᠲᠠᠶᠠᠭᠳᠠᠬᠤ ᠦᠭᠡᠢ᠂ ᠶᠠᠳᠠᠭᠤ ᠮᠠᠯᠠᠭᠠᠢ  ᠪᠠᠨ ᠲᠠᠶᠠᠭᠳᠠᠭᠰᠠᠨ ᠴᠤ ᠲᠦᠷᠦ ᠶᠢᠨ ᠪᠣᠳᠣᠯᠭ᠎ᠠ ᠪᠠᠨ ᠲᠠᠶᠠᠭᠳᠠᠬᠤ ᠦᠭᠡᠢ᠂ ᠶᠠᠳᠠᠭᠤ ᠮᠠᠯᠠᠭᠠᠢ ᠪᠠᠨ ᠲᠠᠶᠠᠭᠳᠠᠭᠰᠠᠨ ᠴᠤ ᠬᠠᠪᠰᠤᠷᠤᠨ ᠲᠡᠳᠬᠦᠬᠦ ᠪᠠᠨ ᠲᠠᠶᠠᠭᠳᠠᠬᠤ ᠦᠭᠡᠢ᠂ ᠶᠠᠳᠠᠭᠤ ᠮᠠᠯᠠᠭᠠᠢ ᠪᠠᠨ ᠲᠠᠶᠠᠭᠳᠠᠭᠰᠠᠨ ᠴᠤ  ᠬᠢᠨᠠᠯᠲᠠ ᠬᠠᠮᠢᠶᠠᠷᠤᠯᠲᠠ ᠪᠠᠨ ᠲᠠᠶᠠᠭᠳᠠᠬᠤ ᠦᠭᠡᠢ᠃3.  ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠲᠠᠪᠤᠨ ᠨᠢᠭᠡ ᠪᠦᠯᠦᠭ︾ ᠭᠡᠳᠡᠭ ᠨᠢ ᠶᠠᠭᠤ ᠶᠢ ᠵᠢᠭᠠᠵᠤ  ᠪᠤᠢ︖    ᠦᠢᠯᠡᠳᠪᠦᠷᠢᠯᠡᠯ ᠢ ᠬᠥᠭᠵᠢᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠣᠨᠳᠣᠣ ᠭᠠᠵᠠᠷ ᠲᠤ ᠨᠡᠭᠦᠯᠭᠡᠵᠤ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠠᠮᠢ ᠠᠬᠤᠢ ᠶᠢᠨ ᠨᠥᠬᠦᠪᠥᠷᠢ ᠪᠠᠷ ᠨᠢᠭᠡ ᠪᠦᠯᠦᠭ  ᠢ ᠶᠠᠳᠠᠭᠤ ᠠᠴᠠ ᠠᠩᠭᠢᠵᠢᠷᠠᠭᠤᠯᠬᠤ᠂ ᠰᠤᠷᠭᠠᠨ ᠬᠥᠮᠦᠵᠢᠯ ᠢ ᠬᠥᠭᠵᠢᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠨᠡᠶᠢᠭᠡᠮ ᠤᠨ ᠪᠠᠲᠤᠯᠠᠭ᠎ᠠ ᠪᠠᠷ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠨ᠎ᠠ᠃ 4.  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠵᠢᠷᠭᠤᠭᠠᠨ ᠤᠨᠢᠨ ᠳᠡᠭᠡᠷ᠎ᠡ︾ ᠭᠡᠳᠡᠭ ᠨᠢ ᠶᠠᠭᠤ  ᠶᠢ ᠵᠢᠭᠠᠵᠤ ᠪᠠᠶᠢᠬᠤ ᠪᠤᠢ︖    ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠢ ᠨᠠᠷᠢᠯᠢᠭ ᠣᠨᠣᠪᠴᠢᠲᠠᠶ᠂ ᠲᠥᠷᠥᠯ ᠵᠦᠢᠯ ᠤᠨ ᠲᠣᠬᠢᠷᠠᠭᠤᠯᠤᠯᠲᠠ ᠨᠢ ᠣᠨᠣᠪᠴᠢᠲᠠᠢ᠂ ᠪᠡᠯᠡ ᠮᠥᠩᠭᠦ ᠶᠢᠨ ᠬᠡᠷᠡᠭᠯᠡᠯᠳᠡ ᠨᠢ ᠨᠠᠷᠢᠯᠢᠭ ᠣᠨᠣᠪᠴᠢᠲᠠᠢ᠂ ᠡᠷᠦᠬᠡ ᠳᠤ ᠨᠠᠶᠢᠳᠠᠪᠤᠷᠢᠵᠢᠭᠤᠯᠤᠭᠰᠠᠨ ᠠᠷᠭ᠎ᠠ ᠬᠡᠮᠵᠢᠶ᠎ᠡ ᠨᠢ ᠨᠠᠷᠢᠯᠢᠭ ᠣᠨᠣᠪᠴᠢᠲᠠᠢ᠂ ᠭᠠᠴᠠᠭ᠎ᠠ ᠲᠣᠰᠬᠤᠨ‌‍ᠳᠤ  ᠲᠤᠮᠢᠯᠠᠭᠰᠠᠨ ᠬᠥᠮᠦᠨ ᠨᠢ ᠨᠠᠷᠢᠯᠢᠭ ᠣᠨᠣᠪᠴᠢᠲᠠᠢ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠨᠢ ᠣᠨᠣᠪᠴᠢᠲᠠᠢ᠃ 5.  ᠶᠡᠷᠦᠩᠬᠡᠢ ᠱᠦᠵᠢ ᠰᠢ ᠶᠢᠨ ᠫᠢᠩ ᠤᠨ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ︽ᠵᠢᠷᠭᠤᠭ᠎ᠠ ᠶᠢ ᠲᠣᠰᠬᠤᠨ ᠳᠤ ᠡᠷᠤᠭᠡ ᠬᠦᠷᠦᠬᠦᠯᠬᠦ︾ ᠭᠡᠵᠦ ᠳᠤᠷᠠᠳᠤᠭᠰᠠᠨ ᠨᠢ ᠶᠠᠭᠤ ᠶᠢ ᠵᠢᠭᠠᠵᠤ ᠪᠠᠶᠢᠬᠤ ᠪᠤᠢ︖    ᠬᠤᠯᠪᠤᠭᠠᠯᠠᠨ ᠬᠠᠪᠰᠤᠷᠤᠨ ᠲᠡᠳᠬᠦᠬᠦ ᠺᠠᠳ᠋ᠷ ᠢ ᠲᠣᠰᠬᠤᠨ ᠡᠷᠦᠬᠡ ᠳᠤ ᠬᠦᠷᠦᠭᠦᠯᠦᠨ᠎ᠡ᠂ ᠲᠣᠰᠬᠤᠨ ᠡᠷᠦᠬᠡ ᠶᠢ ᠠᠵᠤ ᠦᠶᠯᠡᠰ ᠢᠶᠠᠷ ᠬᠠᠪᠰᠤᠷᠤᠨ ᠲᠡᠳᠬᠦᠨ᠎ᠡ᠂ ᠰᠤᠷᠭᠠᠨ ᠬᠦᠮᠦᠵᠢᠯ ᠲᠠᠪᠳᠠᠨ ᠪᠤᠯᠪᠠᠰᠤᠷᠠᠯ ᠢ ᠲᠤᠰᠬᠤᠨ ᠡᠷᠦᠬᠡ  ᠳᠤ ᠬᠦᠷᠦᠭᠦᠯᠦᠨ᠎ᠡ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠭᠡᠨ᠎ᠡ᠂ ᠶᠠᠳᠠᠭᠤ ᠶᠢ ᠲᠡᠳᠬᠦᠬᠦ ᠠᠮᠢ ᠠᠬᠤᠶ ᠵᠢᠨ‌ᠠᠵᠢᠯ‌ᠢ ᠲᠣᠰᠬᠤᠨ ᠡᠷᠦᠬᠡ ᠳᠤ ᠬᠦᠷᠦᠬᠦᠯᠦᠨ᠎ᠡ᠂ ᠰᠠᠭᠤᠷᠢ ᠪᠡᠯᠡᠳᠬᠡᠮᠵᠢ  ᠶᠢᠨ ᠪᠦᠲᠦᠭᠡᠨ ᠪᠠᠶᠢᠭᠤᠯᠤᠯᠲᠠ ᠶᠢ ᠲᠣᠰᠬᠤᠨ ᠡᠷᠦᠬᠡ ᠳᠤ ᠬᠦᠷᠦᠭᠦᠯᠦᠨ᠎ᠡ᠃                《 ᠪᠠᠭᠠᠳᠤᠷᠯᠢᠭ ᠳᠠᠷᠬᠠᠨ ᠮᠤᠤᠮᠢᠩᠭᠠᠨ》 ᠵᠢᠷᠬᠢᠶ᠎ᠡ ᠠᠴᠠ ᠪᠠᠭᠤᠯᠭᠠᠪᠠ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号