ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠮᠡᠳᠡᠪᠡᠰᠤ ᠵᠣᠬᠢᠬᠤ ᠬᠤᠷᠠᠯ ︵ᠬᠤᠶᠠᠷ︶
ᠨᠡᠶᠢᠲᠡᠯᠡᠭᠰᠡᠨ ᠴᠠᠭ᠄
2020/6/5
1. 2019 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠷᠭᠤᠭ᠎ᠠ ᠶᠢ ᠠᠷᠢᠯᠭᠠᠵᠤ ᠳᠥᠷᠪᠡ ᠶᠢ ᠪᠠᠷᠢᠮᠵᠢᠶ᠎ᠠ ᠳᠤ ᠭᠦᠷᠭᠡᠬᠦ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠣᠶ︖   《 ᠵᠢᠷᠭᠤᠭ᠎ᠠ ᠶᠢ ᠠᠷᠢᠯᠭᠠᠬᠤ 》 ᠭᠡᠳᠡᠭ ᠨᠢ᠄      ︵1︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠡᠷᠦᠬᠡ ᠳᠤ ᠬᠦᠷᠭᠡᠬᠦ ᠲᠥᠷᠥ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠡᠷᠡᠭᠵᠢᠬᠦᠯᠦᠯᠳᠡ ᠨᠢ ᠵᠥᠷᠢᠶ᠎ᠡ ᠲᠠᠢ ᠪᠠᠶᠢᠬᠤ ᠶᠢ ᠴᠡᠪᠡᠷᠯᠡᠨ ᠠᠷᠢᠯᠭᠠᠨ᠎ᠠ      ︵2︶ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠳᠤ ᠶᠠᠳᠠᠭᠤ ᠶᠢ ᠲᠡᠳᠬᠦᠬᠦ ᠠᠵᠤ ᠦᠶᠯᠡᠰ ᠤᠨ ᠲᠥᠷᠥᠯ ᠵᠦᠶᠯ ᠦᠭᠭᠦᠭᠰᠡᠨ ᠥᠬᠡᠶ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠦᠨᠳᠦᠰᠦᠨ ᠵᠦᠶᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠬᠦᠷᠳᠡᠭᠰᠡᠨ ᠥᠬᠡᠶ ᠪᠠᠶᠢᠬᠤ ᠶᠢ ᠴᠡᠪᠡᠷᠯᠡᠨ ᠠᠷᠢᠯᠭᠠᠨ᠎ᠠ︔      ︵3︶ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ 5 ᠲᠦᠮᠡᠨ ᠲᠥᠭᠦᠷᠢᠭ ᠠᠴᠠ ᠲᠤᠷᠤᠭᠰᠢᠬᠢ ᠶᠢ ᠴᠡᠪᠡᠷᠯᠡᠨ ᠠᠷᠢᠯᠭᠠᠨ᠎ᠠ︔      ︵4︶ ᠲᠠᠩᠰᠠᠯᠠᠭᠰᠠᠨ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠴᠡᠪᠡᠷᠯᠡᠨ ᠠᠷᠢᠯᠭᠠᠨ᠎ᠠ︔      ︵5︶ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠬᠥᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠡᠳᠦᠶ᠂ ᠶᠠᠳᠠᠭᠤ ᠬᠦᠴᠢᠷᠳᠡᠯᠲᠡᠶ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠪᠠᠷᠢᠮᠵᠢᠶ᠎ᠠ ᠳᠤ ᠬᠦᠷᠦᠭᠦᠯᠦᠭᠡᠳᠦᠶ ᠪᠠᠶᠢᠬᠤ ᠶᠢ ᠴᠡᠪᠡᠷᠯᠡᠨ ᠠᠷᠢᠯᠭᠠᠨ᠎ᠠ︔      ︵6︶ ᠲᠠᠩᠰᠠᠯᠠᠭᠰᠠᠨ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠪᠦᠬᠦᠨ ᠢ ᠪᠡᠶᠡᠯᠡᠭᠦᠯᠦᠨ᠎ᠡ᠃    ︽ᠳᠥᠷᠪᠡ ᠶᠢ ᠪᠠᠷᠢᠮᠵᠢᠶ᠎ᠠ ᠳᠤ ᠬᠦᠷᠭᠡᠬᠦ︾ ᠭᠡᠳᠡᠭ ᠨᠢ᠄      ︵1︶ ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠳᠡᠩᠰᠡᠯᠡᠨ ᠺᠠᠷᠲᠯᠠᠬᠤ ᠲᠠᠪᠴᠠᠩ ᠤᠨ ᠲᠤᠭ᠎ᠠ ᠪᠠᠷᠢᠮᠳᠠ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠪᠠᠷᠢᠮᠵᠢᠶ᠎ᠠ ᠳᠤ  ᠬᠦᠷᠭᠡᠨ᠎ᠡ︔      ︵2︶ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ  ᠶᠢ ᠪᠠᠳᠤᠯᠠᠵᠤ᠂ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠬᠡᠷ︶ ᠶᠢᠨ ᠲᠤᠨᠤᠭ ᠲᠥᠬᠦᠭᠡᠷᠦᠮᠵᠢ᠂ ᠠᠵᠢᠯᠲᠠᠨ᠂ ᠡᠮ ᠡᠮᠨᠡᠯᠭᠡ ᠶᠢᠨ ᠦᠨᠳᠦᠰᠦᠨ ᠡᠮᠴᠢᠯᠡᠭᠡᠨ ᠤ  ᠦᠶᠯᠡᠴᠢᠯᠡᠭᠡ ᠶᠢ ᠪᠠᠷᠢᠮᠵᠢᠶ᠎ᠠ ᠳᠤ ᠬᠦᠷᠭᠡᠨ᠎ᠡ︔      ︵3︶ ᠲᠠᠩᠰᠠᠯᠠᠭᠰᠠᠨ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠦᠬᠦᠨ ᠢ ᠪᠠᠷᠢᠮᠵᠢᠶ᠎ᠠ ᠳᠤ ᠬᠦᠷᠭᠡᠨ᠎ᠡ︔      ︵4︶ ᠲᠠᠩᠰᠠᠯᠠᠭᠰᠠᠨ ᠺᠠᠷᠲ ᠲᠠᠢ ᠶᠠᠳᠠᠭᠤ ᠬᠦᠴᠢᠷᠳᠡᠯᠲᠡᠶ ᠬᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ  ᠤᠨ ᠱᠠᠲᠤᠨ ᠤ ᠦᠷ᠎ᠡ ᠬᠡᠦᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠤᠷᠢᠭᠯᠠᠵᠤ ᠰᠤᠷᠤᠯᠭ᠎ᠠ ᠶᠢ ᠪᠠᠳᠤᠯᠠᠬᠤ ᠶᠢ ᠪᠠᠷᠢᠮᠵᠢᠶ᠎ᠠ ᠳᠤ ᠬᠦᠷᠭᠡᠨ᠎ᠡ᠃ 2. ᠶᠠᠳᠠᠭᠤ ᠶᠢ ᠲᠡᠳᠬᠦᠬᠦ ᠬᠡᠮᠵᠢᠶᠡᠨ ᠤ ᠪᠠᠷᠢᠮᠵᠢᠶ᠎ᠠ ᠨᠢ ᠶᠠᠭᠤ ᠪᠣᠶ︖   ᠤᠯᠤᠰ ᠠᠴᠠ ᠶᠠᠳᠠᠭᠤ ᠶᠢ ᠲᠡᠳᠬᠦᠬᠦ ᠪᠠᠷᠢᠮᠵᠢᠶ᠎ᠠ ᠶᠢ ᠬᠡᠷᠡᠭᠵᠢᠭᠦᠯᠵᠦ᠂ ᠲᠠᠷᠢᠶᠠᠴᠢᠳ ᠤᠨ ᠵᠢᠯ ᠤᠨ ᠬᠥᠮᠦᠨ ᠲᠤᠮᠳᠠᠴᠢ ᠶᠢᠨ ᠴᠡᠪᠡᠷ ᠣᠷᠣᠯᠭ᠎ᠠ 2010 ᠣᠨ ᠤ ᠦᠯᠦ ᠬᠤᠪᠢᠰᠬᠤ ᠦᠨ᠎ᠡ 2300 ᠲᠥᠭᠦᠷᠢᠭ ᠪᠣᠯᠤᠨ᠎ᠠ᠃ ᠶᠡᠷᠦᠩᠬᠡᠶᠢᠯᠡᠭᠰᠡᠨ ᠪᠠᠷᠠᠭᠠᠨ ᠤ ᠦᠨ᠎ᠡ ᠶᠢᠨ ᠲᠦᠪᠰᠢᠨ ᠪᠠ ᠪᠤᠰᠤᠳ ᠵᠦᠶᠯ ᠳᠤ᠂ 2013 ᠣᠨ ᠤ ᠡᠴᠦᠰ ᠲᠤ ᠶᠠᠳᠠᠭᠤ ᠶᠢ ᠲᠡᠳᠬᠦᠬᠦ ᠪᠠᠷᠢᠮᠵᠢᠶ᠎ᠠ 2736 ᠲᠥᠭᠦᠷᠢᠭ᠂ 2014 ᠣᠨ ᠤ ᠡᠴᠦᠰ ᠲᠤ ᠶᠠᠳᠠᠭᠤ ᠶᠢ ᠲᠡᠳᠬᠦᠬᠦ ᠪᠠᠷᠢᠮᠵᠢᠶ ᠎ᠠ 2800 ᠲᠥᠭᠦᠷᠢᠭ᠂ 2015 ᠣᠨ ᠤ ᠡᠴᠦᠰ ᠲᠤ ᠶᠠᠳᠠᠭᠤ ᠶᠢ ᠲᠡᠳᠬᠦᠬᠦ ᠪᠠᠷᠢᠮᠵᠢᠶ᠎ᠠ 2855 ᠲᠥᠭᠦᠷᠢᠭ᠂ 2016 ᠣᠨ ᠤ ᠡᠴᠦᠰ ᠲᠤ ᠶᠠᠳᠠᠭᠤ ᠶᠢ ᠲᠡᠳᠬᠦᠬᠦ ᠪᠠᠷᠢᠮᠵᠢᠶ᠎ᠠ 2952 ᠲᠥᠭᠦᠷᠢᠭ᠂ 2017 ᠣᠨ ᠤ ᠡᠴᠦᠰ ᠲᠤ ᠶᠠᠳᠠᠭᠤ ᠶᠢ ᠲᠡᠳᠬᠦᠬᠦ ᠪᠠᠷᠢᠮᠵᠢᠶ᠎ᠠ 2952 ᠲᠥᠭᠦᠷᠢᠭ᠂ 2018 ᠣᠨ ᠤ ᠡᠴᠦᠰ ᠲᠤ ᠶᠠᠳᠠᠭᠤ ᠶᠢ ᠲᠡᠳᠬᠦᠬᠦ ᠪᠠᠷᠢᠮᠵᠢᠶ᠎ᠠ 2995 ᠲᠥᠭᠦᠷᠢᠭ᠂ 2019 ᠣᠨ ᠤ ᠡᠴᠦᠰ ᠲᠤ ᠶᠠᠳᠠᠭᠤ ᠶᠢ ᠲᠡᠳᠬᠦᠬᠦ ᠪᠠᠷᠢᠮᠵᠢᠶ᠎ᠠ 3218 ᠲᠥᠭᠦᠷᠢᠭ ᠪᠣᠯᠤᠨ᠎ᠠ᠃ 3. ᠶᠠᠳᠠᠭᠤ ᠬᠦᠴᠢᠷᠳᠡᠯᠲᠡᠶ ᠬᠥᠮᠦᠨ ᠠᠮᠠ ᠶᠢ ᠢᠯᠭᠠᠬᠤ ᠪᠠᠷᠢᠮᠵᠢᠶ᠎ᠠ ᠨᠢ ᠶᠠᠭᠤ ᠪᠣᠶ︖   ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ᠂  ᠪᠠᠷᠢᠮᠵᠢᠶ᠎ᠠ ᠠᠴᠠ ᠳᠣᠤᠷ᠎ᠠ  ︾ ᠭᠡᠳᠡᠭ ᠨᠢ ᠳᠠᠷᠤᠶ ᠮᠠᠯᠵᠢᠬᠤ ᠲᠠᠷᠢᠶᠠᠯᠠᠬᠤ ᠡᠷᠦᠬᠡ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢ ᠲᠣᠭᠲᠠᠭᠤᠨ ᠢᠶᠠᠷ ᠪᠡᠶᠡᠯᠡᠭᠦᠯᠵᠦ ᠴᠢᠳᠠᠭᠰᠠᠨ ᠥᠬᠡᠶ᠂ ᠣᠷᠣᠯᠭ᠎ᠠ ᠨᠢ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ ᠲᠡᠳᠬᠦᠬᠦ ᠪᠠᠷᠢᠮᠵᠢᠶ᠎ᠠ ᠠᠴᠠ ᠳᠣᠤᠷ᠎ᠠ ᠪᠠᠶᠢᠬᠤ ᠶᠠᠪᠤᠳᠠᠯ ᠪᠣᠯᠤᠨ᠎ᠠ᠃ ᠡᠰᠡᠬᠦᠯ᠎ᠡ ᠬᠡᠳᠦᠶᠢᠪᠡᠷ ᠣᠷᠣᠯᠭ᠎ᠠ ᠪᠠᠷᠢᠮᠵᠢᠶ᠎ᠠ  ᠳᠤ ᠬᠦᠷᠦᠭᠰᠡᠨ ᠪᠣᠯᠪᠠᠴᠤ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢ ᠪᠠᠶᠡᠯᠡᠬᠦᠯᠦᠭᠡ ᠥᠬᠡᠶ᠃                 ︽ᠪᠠᠭᠠᠳᠤᠷᠯᠢᠭ ᠳᠠᠷᠬᠠᠨ ᠮᠤᠤᠮᠢᠩᠭᠠᠨ︾  ᠵᠢᠷᠬᠢᠶ᠎ᠡ ᠠᠴᠠ ᠪᠠᠭᠤᠯᠭᠠᠪᠠ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号