ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠮᠡᠳᠡᠪᠡᠰᠦ ᠵᠤᠬᠢᠬᠤ ᠵᠦᠢᠯ ︵ᠭᠤᠷᠪᠠ
ᠨᠡᠶᠢᠲᠡᠯᠡᠭᠰᠡᠨ ᠴᠠᠭ᠄
2020/6/5
1. ᠶᠠᠳᠠᠭᠤ ᠬᠦᠴᠢᠷᠳᠡᠯᠲᠡᠢ ᠬᠦᠮᠦᠨ ᠠᠮᠠ ᠶᠢ ᠬᠡᠷᠬᠢᠨ ᠢᠯᠭᠠᠬᠤ ᠪᠣᠢ︖      ︽ᠮᠠᠯᠴᠢᠨ ᠲᠠᠷᠢᠶᠠᠴᠢᠨ ᠡᠷᠦᠬᠡ ᠠᠴᠠ ᠭᠤᠶᠣᠴᠢᠯᠠᠨ᠂ ᠪᠠᠶᠢᠭᠠᠯᠢᠯᠢᠭ ᠳᠣᠰᠬᠤᠨ ᠠᠴᠠ ᠦᠨᠡᠯᠡᠵᠦ᠂ ᠲᠤᠭ᠎ᠠ ᠪᠠᠷᠢᠮᠲᠠ ᠶᠢ ᠨᠢ ᠬᠠᠷᠢᠴᠠᠭᠤᠯᠤᠨ᠂ ᠡᠷᠦᠬᠡ  ᠶᠢᠨ ᠪᠠᠶᠢᠴᠠᠭᠠᠯᠲᠠ ᠬᠢᠵᠦ᠂ ᠠᠷᠠᠳᠴᠢᠯᠠᠭᠰᠠᠨ ᠦᠨᠡᠯᠡᠯᠲᠡ ᠬᠢᠬᠦ  ᠶᠢᠨ ᠬᠠᠮᠲᠤ ᠢᠯᠡ ᠨᠡᠶᠢᠲᠡᠯᠡᠨ᠂ ᠰᠤᠮᠤ ᠰᠢᠶᠠᠩ ᠪᠠᠯᠭᠠᠰᠤᠨ ᠠᠴᠠ ᠬᠢᠨᠠᠨ ᠬᠤᠶᠠᠳᠤᠭᠠᠷ ᠤᠳᠠᠭ᠎ᠠ ᠢᠯᠨ ᠨᠡᠶᠢᠲᠡᠯᠡᠵᠦ᠂ ᠬᠤᠰᠢᠭᠤᠨ  ᠠᠴᠠ ᠬᠢᠨᠠᠨ ᠵᠥᠪᠰᠢᠶᠡᠷᠡᠨ᠂ ᠬᠤᠯᠪᠤᠭ᠎ᠠ ᠪᠣᠯᠤᠨ ᠬᠠᠪᠰᠤᠷᠤᠨ ᠳᠡᠮᠵᠢᠬᠦ᠂ ᠳᠠᠩᠰᠠᠯᠠᠬᠤ︾ ᠵᠡᠷᠭᠡ ᠠᠯᠬᠤᠮ ᠳᠠᠷᠠᠭ᠎ᠠ ᠪᠠᠷ ᠶᠠᠪᠤᠭᠳᠠᠨ᠎ᠠ᠃2.ᠮᠠᠯᠵᠢᠬᠤ ᠲᠠᠷᠢᠶᠠᠯᠠᠬᠤ ᠣᠷᠤᠨ ᠤ ᠪᠠᠶᠢᠩᠭᠤ ᠰᠠᠭᠤᠭ᠎ᠠ ᠡᠷᠦᠬᠡ ᠶᠢ ᠶᠠᠮᠠᠷ ᠪᠠᠷᠢᠮᠵᠢᠶ᠎ᠠ ᠪᠠᠷ ᠢᠯᠭᠠᠨ ᠳᠣᠭᠲᠠᠭᠠᠬᠤ ᠪᠣᠢ︖      ᠤᠷᠲᠤ ᠬᠤᠭᠤᠴᠠᠭ᠎ᠠ ︵ᠨᠢᠭᠡ ᠵᠢᠯ ᠠᠴᠠ ᠳᠡᠭᠡᠭᠰᠢ︶ ᠪᠠᠷ ᠪᠠᠶᠢᠭᠠᠯᠢᠯᠢᠭ ᠳᠣᠰᠬᠤᠨ ᠳᠤ ᠰᠠᠭᠤᠷᠢᠰᠢᠵᠤ ᠪᠠᠶᠢᠬᠤ ᠲᠠᠷᠢᠶᠠᠴᠢᠨ ᠡᠷᠦᠬᠡ᠂ ᠡᠷᠦᠬᠡ ᠠᠮᠠ ᠶᠢᠨ ᠳᠠᠩᠰᠠ ᠨᠢ ᠳᠤᠬᠠᠢ ᠶᠢᠨ ᠭᠠᠵᠠᠷ ᠪᠠᠶᠢᠬᠤ ᠦᠭᠡᠢ ᠪᠣᠯᠪᠠᠴᠤ ᠲᠤᠰ ᠳᠣᠰᠬᠤᠨ ᠳᠤ ᠨᠢᠭᠡ ᠵᠢᠯ ᠤᠨ ᠬᠤᠭᠤᠴᠠᠭ᠎ᠠ ᠠᠴᠠ ᠳᠡᠭᠡᠭᠰᠢ ᠰᠠᠭᠤᠷᠢᠰᠢᠨ᠂ ᠰᠠᠭᠤᠷᠢᠰᠢᠭᠰᠠᠨ ᠭᠠᠵᠠᠷ   ᠲᠠᠭᠠᠨ ᠲᠠᠷᠢᠶᠠᠯᠠᠩ ᠮᠠᠯ ᠠᠵᠤ ᠠᠬᠤᠢ  ᠶᠢᠨ ᠦᠢᠯᠡᠳᠪᠦᠷᠢᠯᠡᠯ ᠡᠵᠡᠩᠨᠡᠯᠲᠡ ᠡᠷᠬᠢᠯᠡᠵᠦ ᠪᠠᠶᠢᠬᠤ ᠲᠠᠷᠢᠶᠠᠴᠢᠨ ᠡᠷᠦᠬᠡ  ᠶᠢ ᠪᠥᠬᠦ ᠡᠷᠦᠬᠡ  ᠶᠢᠨ ᠲᠣᠭᠠᠨ  ᠳᠤ ᠪᠣᠳᠤᠵᠤ ᠣᠷᠤᠭᠤᠯᠤᠨ᠎ᠠ︔ ᠭᠡᠷ ᠢᠶᠠᠷ ᠢᠶᠠᠨ ᠨᠢᠭᠡ ᠵᠢᠯ ᠠᠴᠠ ᠳᠡᠭᠡᠭᠰᠢ ᠬᠤᠭᠤᠴᠠᠭ᠎ᠠ ᠲᠠᠢ ᠭᠠᠳᠠᠭᠰᠢ ᠭᠠᠷᠤᠭᠰᠠᠨ ᠡᠷᠦᠬᠡ ᠶᠢ ᠪᠣᠳᠤᠬᠤ ᠦᠭᠡᠢ᠃3.ᠭᠡᠷ ᠪᠥᠯᠢ ᠶᠢᠨ ᠴᠡᠪᠡᠷ ᠣᠷᠤᠯᠭ᠎ᠠ ᠭᠡᠵᠦ ᠶᠠᠭᠤ ᠶᠢ ᠵᠢᠭᠠᠵᠤ ᠪᠠᠶᠢᠬᠤ ᠪᠤᠢ︖      ᠭᠡᠷ ᠪᠥᠯᠢ  ᠶᠢᠨ ᠡᠯ᠎ᠡ ᠵᠦᠢᠯ  ᠤᠨ ᠣᠷᠤᠯᠭ᠎ᠠ  ᠠᠴᠠ ᠬᠠᠮᠢᠶ᠎ᠠ ᠪᠥᠬᠦᠢ ᠵᠠᠷᠤᠳᠠᠯ ᠢ ᠬᠠᠰᠤᠭᠰᠠᠨ ᠤ ᠳᠠᠷᠠᠭ᠎ᠠ᠂ ᠭᠡᠷ ᠪᠥᠯᠢ ᠳᠤ ᠬᠠᠷᠢᠶᠠᠯᠠᠭᠳᠠᠬᠤ ᠣᠷᠤᠯᠭ᠎ᠠ ᠶᠢᠨ ᠶᠡᠷᠦᠩᠬᠡᠢ ᠨᠡᠷᠡᠶᠢᠳᠦᠯ ᠮᠥᠨ᠃ ᠡᠭᠦᠨ ᠳᠤ᠄ ᠭᠡᠷ ᠪᠥᠯᠢ ᠶᠢᠨ ᠡᠵᠡᠩᠨᠡᠯᠲᠡ ᠶᠢᠨ ᠣᠷᠤᠯᠭ᠎ᠠ᠂ ᠴᠠᠯᠢᠩ ᠤᠨ ᠴᠢᠨᠠᠷᠲᠠᠢ ᠣᠷᠤᠯᠭ᠎ᠠ᠂ ᠡᠳ᠋ ᠬᠥᠷᠦᠩᠬᠡ ᠶᠢᠨ ᠴᠢᠨᠠᠷᠲᠠᠢ ᠣᠷᠤᠯᠭ᠎ᠠ᠂ ᠰᠢᠯᠵᠢᠯᠲᠡ ᠶᠢᠨ ᠴᠢᠨᠠᠷᠲᠠᠢ ᠣᠷᠤᠯᠭ᠎ᠠ ᠪᠠᠭᠲᠠᠨ᠎ᠠ᠃4.ᠣᠷᠤᠯᠭ᠎ᠠ ᠳᠤ ᠪᠤᠳᠤᠵᠤ ᠣᠷᠤᠭᠤᠯᠬᠤ ᠦᠭᠡᠢ ᠪᠡᠯᠡ ᠮᠥᠩᠭᠦ ᠭᠡᠵᠦ ᠶᠠᠭᠤ ᠶᠢ ᠵᠢᠭᠠᠵᠤ ᠪᠠᠶᠢᠬᠤ ᠪᠤᠢ︖      ︵1︶ ᠬᠠᠪᠰᠤᠷᠤᠨ ᠳᠡᠳᠬᠦᠬᠦ ᠠᠷᠭ᠎ᠠ ᠬᠡᠮᠵᠢᠶᠡᠨ ᠳᠤ ᠨᠥᠬᠦᠪᠦᠷᠢᠯᠡᠭᠰᠡᠨ ᠲᠠᠷᠢᠶᠠᠨ ᠦᠷ᠎ᠡ ᠪᠠ ᠬᠢᠮᠢ ᠶᠢᠨ ᠪᠣᠷᠳᠤᠭᠤᠷ ᠵᠡᠷᠭᠡ ᠦᠢᠯᠡᠳᠪᠦᠷᠢᠯᠡᠯ ᠤᠨ ᠮᠠᠲ᠋ᠧᠷᠢᠶᠠᠯ ᠢ ᠳᠤᠬᠠᠢ ᠶᠢᠨ ᠵᠢᠯ ᠤᠨ ᠣᠷᠤᠯᠭ᠎ᠠ ᠳᠤ ᠪᠣᠳᠤᠵᠤ ᠣᠷᠤᠭᠤᠯᠬᠤ ᠦᠭᠡᠢ᠂ ᠵᠥᠪᠬᠡᠨ ᠲᠥᠷᠦᠯ ᠵᠦᠢᠯ ᠳᠤᠮᠳᠠ ᠳᠠᠩᠰᠠᠯᠠᠨ᠎ᠠ︔      ︵2︶ ᠬᠠᠪᠰᠤᠷᠤᠨ ᠳᠡᠳᠬᠦᠬᠦ ᠠᠷᠭ᠎ᠠ ᠬᠡᠮᠵᠢᠶᠡᠨ ᠳᠠᠬᠢ ᠰᠠᠭᠤᠷᠢ ᠳᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ ︵ᠵᠠᠮ᠂ ᠤᠰᠤ᠂ ᠴᠠᠬᠢᠯᠭᠠᠨ᠂ ᠪᠠᠶᠢᠰᠢᠩ ᠵᠡᠷᠭᠡ︶᠂ ᠦᠢᠯᠡᠳᠪᠦᠷᠢᠯᠡᠯ ᠤᠨ ᠴᠢᠨᠠᠷᠲᠠᠢ ᠰᠠᠭᠤᠷᠢ ᠳᠥᠬᠦᠭᠡᠷᠦᠮᠵᠢ ︵ᠬᠤᠳᠳᠤᠭ ᠮᠠᠯᠲᠠᠬᠤ᠂ ᠴᠠᠬᠢᠯᠭᠠᠨ ᠳᠠᠲᠠᠬᠤ ᠵᠡᠷᠭᠡ︶᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠥᠷᠦᠯ ᠵᠦᠢᠯ ᠤᠨ ᠪᠡᠯᠡ ᠮᠥᠩᠭᠦ᠂ ᠤᠷᠢᠳᠠᠪᠠᠷ ᠪᠠᠶᠢᠭᠤᠯᠵᠤ ᠳᠠᠷᠠᠭ᠎ᠠ ᠳᠤᠨᠢ ᠨᠥᠬᠦᠪᠦᠷᠢᠯᠡᠬᠦ ᠪᠠᠷᠢᠯᠭ᠎ᠠ ᠶᠢᠨ ᠪᠡᠯᠡ ᠮᠥᠩᠭᠦ ᠶᠢ ᠣᠷᠤᠯᠭ᠎ᠠ ᠳᠤ ᠪᠤᠳᠤᠵᠤ ᠣᠷᠤᠭᠤᠯᠬᠤ ᠦᠭᠡᠢ᠂ ᠵᠥᠪᠬᠡᠨ ᠲᠥᠷᠦᠯ ᠵᠦᠢᠯ ᠳᠤᠮᠳᠠ ᠳᠠᠩᠰᠠᠯᠠᠨ᠎ᠠ︔      ︵3︶ ᠠᠷᠠᠳ  ᠤᠨ ᠶᠠᠪᠤᠳᠠᠯ  ᠤᠨ ᠶᠠᠮᠤᠨ  ᠤ ︽ᠲᠠᠷᠢᠠᠶᠠᠯᠬᠤ ᠣᠷᠤᠨ ᠤ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢ ᠪᠠᠲᠤᠯᠠᠬᠤ ᠳᠣᠭᠲᠠᠭᠠᠯ ᠪᠠ ᠶᠠᠳᠠᠭᠤ ᠶᠢ ᠳᠡᠳᠬᠦᠬᠦ ᠨᠡᠭᠡᠭᠡᠯᠲᠡ ᠶᠢᠨ ᠲᠥᠷᠦ ᠶᠢᠨ ᠪᠣᠳᠤᠯᠭ᠎ᠠ ᠶᠢᠨ ᠵᠢᠯᠣᠭᠤᠳᠬᠤ  ᠰᠠᠨᠠᠯ︾ ᠤᠨ ᠱᠠᠭᠠᠷᠳᠠᠯᠭ᠎ᠠ ᠪᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠲᠠᠷᠢᠶᠠᠯᠬᠤ ᠣᠷᠤᠨ ᠤ ᠳᠣᠣᠷ᠎ᠠ ᠪᠠᠲᠤᠯᠠᠭ᠎ᠠ ᠪᠠ ᠶᠠᠳᠠᠭᠤ ᠶᠢ ᠳᠡᠳᠬᠦᠬᠦ ᠡᠲᠡᠭᠡᠳ ᠢ ᠳᠣᠭᠲᠠᠭᠠᠬᠤ  ᠳᠠᠭᠠᠨ᠂ ᠲᠥᠪ  ᠠᠴᠠ ᠳᠣᠭᠲᠠᠭᠠᠭᠰᠠᠨ ᠲᠠᠷᠢᠶᠠᠯᠠᠬᠤ ᠣᠷᠤᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠭᠡᠷ ᠪᠥᠯᠢ ᠶᠢᠨ ᠣᠷᠤᠯᠭ᠎ᠠ ᠳᠤ ᠪᠤᠳᠤᠵᠤ ᠣᠷᠤᠭᠤᠯᠬᠤ ᠦᠭᠡᠢ︔      ︵4︶ ︽ᠣᠷᠣᠯᠭ᠎ᠠ ᠵᠠᠷᠤᠯᠭ᠎ᠠ ᠶᠢ ᠪᠡᠶᠡᠯᠡᠭᠦᠯᠬᠦ ᠳᠣᠭᠲᠠᠭᠠᠯ︾ ᠳᠠᠷᠤᠢ ᠪᠤᠳᠠᠳᠠᠢ ᠡᠭᠦᠰᠦᠭᠰᠡᠨ ᠠᠮᠢᠳᠤᠷᠠᠯ ᠤᠨ ᠵᠠᠷᠤᠯᠭ᠎ᠠ᠂ ᠶᠠᠳᠠᠭᠤ ᠬᠦᠴᠢᠷᠳᠡᠯᠲᠡᠢ ᠡᠷᠦᠬᠡ  ᠶᠢᠨ ᠦᠢᠯᠡᠳᠪᠦᠷᠢᠯᠡᠯ ᠢᠶᠠᠨ ᠳᠠᠬᠢᠨᠲᠠ ᠥᠷᠭᠡᠳᠬᠡᠬᠦ ᠪᠠᠷ ᠬᠤᠳᠠᠯᠳᠤᠨ ᠠᠪᠤᠭᠰᠠᠨ ᠦᠬᠡᠷ ᠬᠤᠨᠢ ᠪᠤᠶᠤ ᠠᠷᠠᠴᠢᠯᠠᠨ ᠲᠡᠵᠢᠭᠡᠬᠦ ᠦᠢᠯᠡᠰ ᠡᠷᠬᠢᠯᠡᠭᠰᠡᠨ ᠵᠠᠷᠤᠯᠭ᠎ᠠ ᠶᠢ ᠰᠠᠭᠤᠭᠠᠯᠢ ᠠᠷᠠᠳ ᠤᠨ ᠣᠷᠤᠯᠭ᠎ᠠ ᠶᠢ ᠪᠤᠳᠤᠬᠤ ᠦᠨᠳᠦᠰᠦ ᠪᠣᠯᠭᠠᠵᠤ᠂ ᠭᠡᠪᠡᠴᠦ ᠲᠡᠵᠢᠭᠡᠨ ᠠᠷᠠᠴᠢᠯᠠᠵᠤ ᠪᠠᠶᠢᠬᠤ ᠮᠠᠯ  ᠢᠶᠠᠨ ᠪᠣᠷᠤᠯᠠᠭᠤᠯᠤᠭᠰᠠᠨ ᠦᠭᠡᠢ ᠪᠣᠯ ᠣᠷᠤᠯᠭ᠎ᠠ ᠳᠤ ᠪᠣᠳᠤᠵᠤ ᠣᠷᠤᠭᠤᠯᠬᠤ ᠦᠭᠡᠢ︔      ︵5︶ ᠶᠠᠳᠠᠭᠤ ᠬᠦᠴᠢᠷᠳᠡᠯᠲᠡᠢ ᠡᠷᠦᠬᠡ ᠥᠪᠡᠷ ᠤᠨ ᠲᠡᠵᠢᠭᠡᠭᠰᠡᠨ ᠨᠢᠭᠡ ᠦᠬᠡᠷ  ᠢᠶᠠᠨ ᠠᠷᠪᠠᠨ ᠬᠤᠨᠢ ᠪᠣᠯᠭᠠᠨ ᠰᠣᠯᠢᠵᠤ ᠬᠤᠨᠢ ᠪᠠᠨ ᠬᠤᠳᠠᠯᠳᠤᠭᠰᠠᠨ ᠦᠭᠡᠢ ᠪᠣᠯ᠂ ᠲᠤᠰ ᠲᠥᠷᠦᠯ ᠢ ᠬᠤᠶᠠᠷ ᠬᠤᠪᠢ ᠳᠠᠩᠰᠠ ᠪᠣᠯᠭᠠᠨ᠂ ᠨᠢᠭᠡ ᠨᠢ ᠦᠬᠡᠷ ᠬᠤᠳᠠᠯᠳᠤᠭᠰᠠᠨ ᠣᠷᠤᠯᠭ᠎ᠠ ᠶᠢ ᠪᠣᠳᠣᠵᠤ᠂ ᠪᠥᠬᠦ ᠣᠷᠤᠯᠭ᠎ᠠ ᠨᠡᠮᠡᠭᠳᠡᠨ᠎ᠡ︔ ᠬᠤᠶᠠᠷ ᠲᠤ ᠬᠤᠨᠢ ᠬᠤᠳᠠᠯᠳᠤᠨ ᠠᠪᠤᠭᠰᠠᠨ ᠵᠠᠷᠤᠯᠭ᠎ᠠ  ᠶᠢ ᠪᠤᠳᠤᠵᠤ᠂ ᠮᠠᠯ ᠠᠵᠤ ᠠᠬᠤᠢ  ᠶᠢᠨ ᠦᠢᠯᠡᠳᠪᠦᠷᠢᠯᠡᠯ ᠤᠨ ᠵᠠᠷᠤᠳᠠᠯ ᠨᠡᠮᠡᠭᠳᠡᠭᠰᠡᠨ ᠳᠤ ᠪᠣᠳᠤᠨ᠎ᠠ᠃ ᠨᠢᠭᠡ ᠨᠡᠮᠡᠭᠳᠡᠵᠦ ᠨᠢᠭᠡ ᠬᠠᠰᠤᠭᠳᠠᠬᠤ ᠳᠤ ᠴᠡᠪᠡᠷ ᠣᠷᠤᠯᠭ᠎ᠠ ᠳᠤ ᠬᠤᠪᠢᠷᠠᠯᠲᠠ ᠭᠠᠷᠬᠤ ᠦᠭᠡᠢ᠃             ︽ ᠪᠠᠭᠠᠳᠤᠷᠯᠢᠭ ᠳᠠᠷᠬᠠᠨ ᠮᠤᠤᠮᠢᠩᠭᠠᠨ︾  ᠵᠢᠷᠬᠢᠶ᠎ᠡ ᠠᠴᠠ ᠪᠠᠭᠤᠯᠭᠠᠪᠠ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号