ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠮᠡᠳᠡᠪᠡᠰᠦ ᠵᠤᠬᠢᠬᠤ ᠵᠦᠢᠯ ︵ᠲᠦᠷᠪᠡ︶
ᠨᠡᠶᠢᠲᠡᠯᠡᠭᠰᠡᠨ ᠴᠠᠭ᠄
2020/6/5
1. ᠡᠷᠦᠬᠡ ᠬᠦᠮᠦᠨ ᠬᠤᠪᠢᠶᠠᠨ ᠠᠷᠭ᠎ᠠ ᠬᠡᠮᠵᠢᠶ᠎ᠡ ᠠᠪᠬᠤ ᠭᠡᠵᠦ ᠶᠠᠭᠤ ᠪᠤᠢ︖      ︵1︶  ᠬᠦᠳᠡᠯᠮᠦᠷᠢ ᠶᠢᠨ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠦᠮᠦᠨ ᠢ ᠦᠢᠯᠡᠳᠪᠦᠷᠢᠯᠡᠯ ᠢ ᠨᠢ ᠬᠥᠭᠵᠢᠬᠦᠯᠬᠦ ᠪᠠ ᠠᠵᠢᠯ ᠣᠯᠭᠤᠯᠳᠠ ᠪᠠᠷ ᠳᠡᠮᠵᠢᠨ ᠶᠠᠳᠠᠭᠤ ᠠᠴᠠ ᠠᠩᠭᠢᠵᠢᠷᠠᠭᠤᠯᠤᠨ᠎ᠠ︔      ︵2︶ ᠪᠠᠶᠢᠭᠠᠯᠢ ᠶᠢᠨ ᠤᠷᠴᠢᠨ ᠤ ᠨᠥᠬᠦᠴᠡᠯ ᠪᠠᠷᠤᠭᠲᠠᠢ ᠭᠠᠵᠠᠷ ᠰᠠᠭᠤᠵᠤ ᠪᠠᠶᠢᠬᠤ ᠬᠦᠮᠦᠨ ᠠᠮᠠ ᠶᠢ ᠪᠤᠰᠤᠳ ᠭᠠᠵᠠᠷ ᠨᠡᠭᠦᠯᠭᠡᠨ ᠶᠠᠳᠠᠭᠤ ᠶᠢ ᠳᠡᠳᠬᠦᠨ ᠶᠠᠳᠠᠭᠤ ᠠᠴᠠ ᠠᠩᠭᠢᠷᠠᠭᠤᠯᠤᠨ᠎ᠠ︔      ︵3︶ ᠭᠤᠣᠯᠳᠠᠯᠭ᠎ᠠ ᠲᠠᠢ ᠠᠮᠢ ᠠᠬᠤᠢ  ᠶᠢᠨ ᠴᠢᠳᠠᠪᠬᠢ ᠶᠢᠨ ᠣᠷᠤᠨ ᠳᠤ ᠰᠠᠭᠤᠵᠤ ᠪᠠᠶᠢᠬᠤ ᠬᠦᠮᠦᠨ ᠠᠮᠠ ᠶᠢ ᠠᠮᠢ ᠠᠬᠤᠢ  ᠶᠢᠨ ᠨᠥᠬᠦᠪᠦᠷᠢ ᠣᠯᠭᠤᠬᠤ  ᠪᠠᠷ ᠶᠠᠳᠠᠭᠤ  ᠠᠴᠠ ᠠᠩᠭᠢᠵᠢᠷᠠᠭᠤᠯᠤᠨ᠎ᠠ︔      ︵4︶ ᠰᠤᠷᠤᠯᠭ᠎ᠠ ᠠᠴᠠ ᠶᠠᠳᠠᠭᠤᠷᠠᠭᠰᠠᠨ ᠳᠤ ᠰᠤᠷᠭᠠᠨ ᠬᠥᠮᠦᠵᠢᠯ ᠢ ᠬᠥᠭᠵᠢᠭᠦᠯᠬᠦ ᠪᠠ ᠰᠤᠷᠤᠯᠭ᠎ᠠ ᠳᠡᠮᠵᠢᠬᠦ ᠲᠥᠷᠦ ᠶᠢᠨ ᠪᠣᠳᠤᠯᠭ᠎ᠠ ᠪᠠᠷ ᠶᠠᠳᠠᠭᠤ ᠠᠴᠠ ᠠᠩᠭᠢᠵᠢᠷᠠᠭᠤᠯᠤᠨ᠎ᠠ︔      ︵5︶ ᠬᠥᠳᠡᠯᠮᠦᠷᠢ ᠶᠢᠨ ᠬᠦᠴᠦᠨ ᠢᠶᠠᠨ ᠭᠡᠰᠡᠭ ᠠᠯᠳᠠᠭᠰᠠᠨ ᠪᠤᠶᠤ ᠪᠥᠷᠢᠮᠦᠰᠦᠨ ᠠᠯᠳᠠᠭᠰᠠᠳ ᠢ ᠲᠥᠷᠦ ᠶᠢᠨ ᠪᠣᠳᠤᠯᠭ᠎ᠠ ᠶᠢᠨ ᠪᠠᠲᠤᠯᠠᠭ᠎ᠠ ᠪᠠᠷ ᠠᠮᠢᠳᠤᠷᠠᠯ ᠢ ᠨᠢ ᠪᠠᠲᠤᠯᠠᠨ᠎ᠠ᠃2.ᠶᠠᠳᠠᠭᠤ ᠬᠦᠴᠢᠷᠳᠡᠯᠲᠡᠢ ᠬᠦᠮᠦᠨ ᠠᠮᠠ ᠠᠴᠠ ᠭᠠᠷᠬᠤ ᠪᠠᠷᠢᠮᠵᠢᠶ᠎ᠡ ᠶᠠᠭᠤ ᠪᠤᠢ︖      ᠶᠠᠳᠠᠭᠤ ᠬᠦᠴᠢᠷᠳᠡᠯᠲᠡᠢ ᠬᠦᠮᠦᠨ ᠠᠮᠠ ᠠᠴᠠ ᠭᠠᠷᠬᠤ ᠳᠤ ᠡᠷᠦᠬᠡ ᠪᠠᠷ ᠨᠢᠭᠡᠴᠡ ᠪᠣᠯᠭᠠᠨ᠂ ᠭᠤᠣᠯᠳᠠᠭᠤ ᠲᠤᠰ ᠡᠷᠦᠬᠡ ᠶᠢᠨ ᠵᠢᠯ ᠤᠨ ᠳᠡᠭᠰᠢᠳᠬᠡᠭᠰᠡᠨ ᠴᠡᠪᠡᠷ ᠣᠷᠤᠯᠭ᠎ᠠ ᠨᠢ ᠳᠣᠭᠲᠠᠭᠤᠨ ᠢᠶᠠᠷ ᠤᠯᠤᠰ ᠤᠨ ᠶᠠᠳᠠᠭᠤ ᠶᠢ ᠳᠡᠳᠬᠦᠬᠦ ᠪᠠᠷᠢᠮᠵᠢᠶ᠎ᠡ ᠠᠴᠠ ᠳᠠᠪᠠᠭ᠋ᠤ ᠮᠥᠷᠲᠡᠭᠡᠨ ᠢᠳᠡᠵᠦ ᠡᠮᠦᠰᠬᠦ ᠳᠤᠲᠠᠬᠤ ᠦᠭᠡᠢ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠤᠨ ᠰᠠᠭᠤᠴᠠ ᠶᠢᠨ ᠠᠮᠤᠷ ᠳᠥᠪᠰᠢᠨ ᠪᠠᠲᠤᠯᠠᠭ᠎ᠠ ᠲᠠᠢ ᠪᠣᠯᠬᠤ ᠬᠡᠷᠡᠭᠲᠡᠢ᠃ ᠡᠭᠦᠨ ᠳᠤ ᠠᠯᠢ ᠨᠢᠭᠡ ᠵᠦᠢᠯ ᠨᠢ ᠪᠠᠷᠢᠮᠵᠢᠶᠠᠨ ᠳᠤ ᠬᠦᠷᠬᠦ ᠦᠭᠡᠢ ᠪᠤᠶᠤ ᠳᠤᠬᠠᠢ ᠶᠢᠨ ᠵᠢᠯ ᠶᠠᠳᠠᠭᠤ ᠬᠦᠴᠢᠷᠳᠡᠯᠲᠡᠢ ᠡᠷᠦᠬᠡ ᠪᠠᠷ ᠢᠯᠭᠠᠭᠳᠠᠭᠰᠠᠨ ᠡᠷᠦᠭᠡ ᠪᠥᠷ ᠶᠠᠳᠠᠭᠤ ᠬᠦᠴᠢᠷᠳᠡᠯᠲᠡᠢ ᠡᠷᠦᠬᠡ ᠠᠴᠠ ᠭᠠᠷᠴᠤ ᠪᠣᠯᠬᠤ ᠦᠭᠡᠢ᠃3.ᠶᠠᠳᠠᠭᠤ ᠬᠦᠴᠢᠷᠳᠡᠯᠲᠡᠢ ᠡᠷᠦᠬᠡ ᠠᠴᠠ ᠭᠠᠷᠬᠤ ᠳᠤ ᠶᠠᠮᠠᠷ ᠠᠯᠬᠤᠮ ᠳᠠᠷᠠᠭᠠᠯᠠᠯ ᠲᠠᠢ ᠪᠤᠢ︖      ︵1︶ ᠭᠠᠴᠠᠭ᠎ᠠ ᠳᠣᠰᠬᠤᠨ  ᠤ ︽ᠬᠤᠶᠠᠷ ᠵᠥᠪᠯᠡᠯ︾ ᠠᠴᠠ ᠬᠤᠯᠪᠤᠭᠳᠠᠯ ᠪᠥᠬᠦᠢ ᠬᠦᠮᠦᠰ  ᠢ ᠵᠣᠬᠢᠶᠠᠨ ᠪᠠᠶᠢᠭᠤᠯᠤᠨ ᠠᠷᠠᠳᠴᠢᠯᠠᠯᠭᠰᠠᠨ ᠦᠨᠡᠯᠡᠯᠲᠡ  ᠶᠢᠨ ᠬᠤᠷᠠᠯ  ᠢ ᠬᠤᠷᠠᠯᠳᠤᠭᠤᠯᠵᠤ᠂ ᠵᠢᠯ  ᠤᠨ ᠶᠠᠳᠠᠭᠤ ᠬᠦᠴᠢᠷᠳᠡᠯᠲᠡᠢ ᠡᠷᠦᠬᠡ ᠠᠴᠠ ᠭᠠᠷᠬᠤ ᠲᠥᠯᠦᠪᠯᠡᠭᠡ ᠶᠣᠰᠤᠭᠠᠷ᠂ ᠶᠠᠳᠠᠭᠤ ᠬᠦᠴᠢᠷᠳᠡᠯᠲᠡᠢ ᠡᠷᠦᠬᠡ ᠠᠴᠠ ᠭᠠᠷᠬᠤ ᠠᠩᠬᠠᠨ ᠤ ᠨᠡᠷᠡᠰ ᠢ ᠵᠢᠭᠰᠠᠭᠠᠨ᠎ᠠ᠃      ︵2︶  ᠭᠠᠴᠠᠭ᠎ᠠ ᠳᠣᠰᠬᠤᠨ ᠤ ︽ᠬᠤᠶᠠᠷ ᠵᠥᠪᠯᠡᠯ︾᠂ ᠳᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠨᠢᠭᠡᠳᠦᠭᠡᠷ ᠱᠦᠵᠢ  ᠠᠴᠠ ᠠᠩᠬ᠎ᠠ ᠵᠢᠱᠢᠭᠳᠡᠭᠰᠡᠨ ᠶᠠᠳᠠᠭᠤ  ᠠᠴᠠ ᠠᠩᠭᠢᠵᠢᠷᠠᠭᠰᠠᠨ ᠡᠷᠦᠬᠡ ᠶᠢ ᠬᠢᠨᠠᠵᠤ᠂ ᠶᠠᠳᠠᠭᠤ  ᠠᠴᠠ ᠠᠩᠭᠢᠵᠢᠷᠠᠭᠰᠠᠨ ᠡᠷᠦᠬᠡ  ᠶᠢᠨ ᠰᠠᠨᠠᠯ  ᠢ ᠰᠣᠨᠣᠰᠤᠨ ᠵᠥᠪᠰᠢᠶᠡᠷᠡᠯ ᠢ ᠨᠢ ᠣᠯᠤᠨ᠎ᠠ᠃      ︵3︶ ᠶᠠᠳᠠᠭᠤ ᠬᠦᠴᠢᠷᠳᠡᠯᠲᠡᠢ ᠡᠷᠦᠬᠡ ᠠᠴᠠ ᠭᠠᠷᠬᠤ ᠡᠷᠦᠬᠡ  ᠶᠢᠨ ᠨᠡᠷᠡᠰ  ᠢ ᠭᠠᠴᠠᠭᠠᠨ  ᠳᠤ 7 ᠠᠵᠢᠯᠯᠠᠬᠤ ᠡᠳᠦᠷ ᠠᠴᠠ ᠳᠡᠭᠡᠭᠰᠢ ᠢᠯᠡ ᠨᠡᠶᠢᠲᠡᠯᠡᠨ᠎ᠡ᠃      ︵4︶ ᠳᠤᠰᠬᠤᠨ ᠤ ᠱᠠᠲᠤᠨ ᠤ ᠢᠯᠡ ᠨᠡᠶᠢᠲᠡᠯᠡᠯ ᠳᠤ ᠰᠠᠨᠠᠯ ᠦᠭᠡᠢ ᠪᠣᠯ᠂ ᠰᠤᠮᠤ ᠰᠢᠶᠠᠩ ᠪᠠᠯᠭᠠᠰᠤᠨ ᠠᠴᠠ ᠰᠢᠯᠭᠠᠨ᠂ ᠪᠠᠷᠢᠮᠵᠢᠶᠠᠨ ᠳᠤ ᠬᠦᠷᠦᠭᠰᠡᠨ ᠢ ᠨᠢ ᠬᠤᠶᠠᠳᠤᠭᠠᠷ ᠤᠳᠠᠭ᠎ᠠ ᠢᠯᠡ ᠨᠡᠶᠢᠲᠡᠯᠡᠨ᠎ᠡ᠃      ︵5︶ ᠰᠤᠮᠤ ᠰᠢᠶᠠᠩ ᠪᠠᠯᠭᠠᠰᠤᠨ ᠠᠴᠠ ᠢᠯᠡ ᠨᠡᠶᠢᠲᠡᠯᠡᠨ ᠰᠠᠨᠠᠯ ᠦᠭᠡᠢ ᠪᠣᠯ ᠬᠤᠰᠢᠭᠤ ᠰᠢᠶᠡᠨ ᠤ ᠵᠠᠰᠠᠭ ᠤᠨ ᠣᠷᠳᠤᠨ ᠠᠴᠠ ᠶᠠᠳᠠᠭᠤ ᠠᠴᠠ ᠠᠩᠭᠢᠵᠢᠷᠠᠭᠰᠠᠨ ᠠᠯᠪᠠᠨ ᠵᠠᠷ ᠭᠠᠷᠭᠠᠵᠤ᠂ ᠺᠠᠷᠲ ᠵᠣᠬᠢᠶᠠᠨ ᠳᠠᠩᠰᠠᠯᠠᠭᠰᠠᠨ ᠰᠢᠰᠲ᠋ᠧᠮ ᠲᠤ ᠢᠯᠡᠷᠬᠡᠶᠢᠯᠡᠨ ᠲᠡᠮᠳᠡᠭᠯᠡᠵᠦ᠂ ᠬᠤᠰᠢᠭᠤᠨ ᠤ ᠶᠠᠳᠠᠭᠤ ᠶᠢ ᠳᠡᠳᠬᠦᠬᠦ ᠨᠡᠭᠡᠭᠡᠯᠲᠡ  ᠶᠢᠨ ᠤᠳᠤᠷᠢᠳᠬᠤ ᠳᠤᠭᠤᠶᠢᠯᠠᠩ  ᠳᠤ ᠲᠡᠮᠳᠡᠭᠯᠡᠨ ᠳᠠᠩᠰᠠᠯᠠᠭᠤᠯᠤᠨ᠎ᠠ᠃              ︽ ᠪᠠᠭᠠᠳᠤᠷᠯᠢᠭ ᠳᠠᠷᠬᠠᠨ ᠮᠤᠤᠮᠢᠩᠭᠠᠨ︾  ᠵᠢᠷᠬᠢᠶ᠎ᠡ ᠠᠴᠠ ᠪᠠᠭᠤᠯᠭᠠᠪᠠ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号