ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ  ᠤᠨ ᠮᠡᠳᠡᠪᠡᠰᠤ ᠵᠤᠬᠢᠬᠤ ᠵᠦᠢᠯ  ︵ᠲᠠᠪᠤ
ᠨᠡᠶᠢᠲᠡᠯᠡᠭᠰᠡᠨ ᠴᠠᠭ᠄
2020/6/5
1. ᠥᠪᠥᠷ ᠮᠣᠩᠭᠤᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠭᠤᠤᠯ ᠵᠠᠭᠪᠤᠷ       ︵1︶ ᠨᠦᠬᠦᠪᠦᠷᠢ ᠶᠢ ᠰᠢᠭᠤᠳ ᠡᠷᠦᠬᠡ ᠳᠤ ᠬᠦᠷᠭᠡᠵᠦ ᠲᠡᠳᠬᠦᠬᠦ᠃ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠳᠤ ᠶᠠᠳᠠᠭᠤ ᠶᠢ ᠲᠡᠳᠬᠦᠬᠦ ᠠᠵᠤ ᠦᠢᠯᠡᠰ ᠢ ᠵᠤᠷᠪᠤᠰᠯᠠᠨ ᠦᠭᠴᠦ᠂ ᠶᠠᠳᠠᠭᠤ ᠶᠢ ᠲᠡᠳᠬᠦᠬᠦ ᠪᠠᠯᠠ ᠮᠥᠩᠭᠦ ᠶᠢ ᠰᠢᠭᠤᠳ ᠡᠷᠦᠬᠡ ᠳᠤ ᠨᠥᠬᠦᠪᠥᠷᠢᠯᠡᠵᠦ᠂ ᠶᠠᠳᠠᠭᠤ ᠬᠦᠴᠢᠷᠳᠡᠯᠲᠡᠶ ᠬᠦᠮᠦᠰ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠲᠠᠶᠢᠴᠢᠯᠠᠨ᠎ᠠ᠃       ︵2︶ ᠠᠵᠤ ᠠᠬᠤᠶᠢᠯᠠᠯ ᠲᠠᠶᠢᠴᠢᠯᠠᠨ ᠲᠡᠳᠬᠦᠨ ᠳᠡᠮᠵᠢᠬᠦ᠃ ᠵᠠᠬᠢᠶᠠᠯᠠᠭ᠎ᠠ ᠪᠠᠷ ᠬᠤᠳᠠᠯᠳᠤᠨ ᠠᠪᠬᠤ᠂ ᠠᠵᠢᠯ ᠣᠯᠭᠤᠬᠤ᠂ ᠭᠠᠵᠠᠷ ᠰᠢᠷᠣᠶ ᠶᠢ ᠰᠢᠯᠵᠢᠬᠦᠯᠦᠨ ᠲᠠᠭᠠᠭᠠᠴᠢᠯᠠᠭᠤᠯᠬᠤ᠂ ᠬᠤᠯᠪᠣᠭᠠᠯᠠᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠰᠠᠭᠤᠷᠢᠨ ᠭᠠᠵᠠᠷ +  ᠬᠤᠷᠰᠢᠶᠠᠵᠢᠯ + ᠶᠠᠳᠠᠭᠤ ᠬᠦᠴᠢᠷᠳᠡᠯᠲᠡᠶ ᠡᠷᠦᠬᠡ︾ ︽ᠠᠵᠤ ᠠᠬᠤᠶᠢᠯᠠᠯ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠡᠷᠦᠬᠡ︾ ᠶᠢᠨ ᠶᠠᠳᠠᠭᠤ ᠶᠢ ᠲᠡᠳᠬᠦᠬᠦ ᠵᠠᠭᠪᠤᠷ  ᠢ ᠪᠦᠷᠢᠯᠳᠦᠭᠦᠯᠵᠦ᠂ ᠣᠨᠴᠠᠯᠢᠭᠲᠤ ᠠᠵᠤ ᠦᠢᠯᠡᠰ  ᠢᠶᠠᠷ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃       ︵3︶ ᠬᠥᠷᠥᠩᠭᠡ ᠶᠢᠨ ᠠᠰᠢᠭ ᠣᠷᠣᠯᠭ᠎ᠠ ᠪᠠᠷ ᠲᠡᠳᠬᠦᠬᠦ᠃ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠶ ᠬᠥᠮᠦᠨ ᠠᠮᠠ  ᠶᠢ ᠡᠳ᠋ ᠬᠥᠷᠥᠩᠭᠡ ᠶᠢᠨ ᠠᠰᠢᠭ ᠤᠷᠤᠯᠭ᠎ᠠ ᠪᠠᠷ ᠲᠡᠳᠭᠦᠵᠦ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠦᠡᠭᠭᠦ ᠶᠢ ᠲᠦᠭᠦᠭᠡᠷᠦᠮᠵᠢᠳᠤ ᠲᠠᠷᠢᠶᠠᠯᠠᠩ ᠦᠢᠯᠡᠳᠪᠤᠷᠢᠯᠡᠯ᠂ ᠡᠳᠡᠰᠢᠭᠦᠯᠦᠯᠳᠡ᠂ ᠭᠡᠷᠡᠯ ᠦᠢᠯᠳᠡ ᠶᠢᠨ ᠴᠠᠬᠢᠯᠭᠠᠨ᠂ ᠬᠥᠳᠡᠭᠡ ᠲᠣᠰᠬᠤᠨ  ᠤ ᠵᠤᠭᠠᠴᠠᠯ ᠵᠡᠷᠭᠡ ᠲᠥᠷᠥᠯ ᠵᠦᠢᠯ ᠳᠤ ᠣᠷᠣᠭᠤᠯᠵᠤ᠂ ᠤᠯᠤᠭᠰᠠᠨ ᠡᠳ᠋ ᠬᠥᠷᠥᠩᠭᠡ ᠶᠢ ᠰᠤᠮᠤ ᠰᠢᠶᠠᠩ ᠪᠠᠯᠭᠠᠰᠤ ᠪᠤᠶᠤ ᠭᠠᠴᠠᠭ᠎ᠠ ᠲᠣᠰᠬᠤᠨ ᠤ ᠬᠠᠮᠲᠤ ᠶᠢᠨ ᠥᠮᠴᠢᠯᠡᠯ  ᠪᠤᠯᠭᠠᠨ᠂ ᠡᠳ᠋ ᠬᠥᠷᠥᠩᠭᠡ ᠶᠢᠨ ᠠᠰᠢᠭ ᠣᠷᠣᠯᠭ᠎ᠠ ᠪᠠᠷ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠶ ᠬᠥᠮᠦᠨ ᠠᠮᠠ ᠳᠤ ᠣᠷᠣᠯᠭ᠎ᠠ ᠣᠯᠭᠤᠨ᠎ᠠ᠃ 2. 2020 ᠣᠨ ᠤ ᠬᠡᠷᠡᠯ ᠦᠢᠯᠳᠡ ᠶᠢᠨ ᠴᠠᠭᠢᠯᠭᠠᠨ ᠢᠶᠠᠷ  ᠶᠠᠳᠠᠭᠤ ᠶᠢ ᠲᠡᠳᠬᠦᠬᠦ ᠠᠰᠢᠭ ᠣᠷᠣᠯᠭ᠎ᠠ  ᠶᠢᠨ ᠬᠤᠪᠢᠶᠠᠷᠢᠯᠡᠯ ᠤᠨ ᠬᠡᠷᠡᠭᠯᠡᠯᠳᠡ ᠶᠢᠨ ᠲᠠᠰ ᠳᠠᠷᠠᠭᠠᠯᠠᠯ      ᠶᠠᠳᠠᠭᠤ ᠬᠦᠴᠢᠷᠳᠡᠯᠲᠡᠶ ᠲᠣᠰᠬᠤᠨ ᠤ ᠠᠷᠠᠳ ᠤᠨ ᠵᠥᠪᠯᠡᠯ ᠭᠡᠷᠡᠯ ᠦᠢᠯᠳᠡ ᠶᠢᠨ ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠨ ᠬᠡᠷᠡᠭᠯᠡᠬᠦ ᠲᠥᠯᠥᠪᠯᠡᠭᠡ ᠲᠣᠭᠲᠠᠭᠠᠵᠤ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠪᠠᠳᠤᠯᠠᠭᠤᠯᠵᠤ᠂ ᠰᠤᠮᠤ ᠪᠠᠯᠭᠠᠰᠤᠨ ᠤ ᠵᠠᠰᠠᠭ ᠤᠨ ᠣᠷᠳᠣᠨ ᠢᠶᠠᠷ ᠬᠢᠨᠠᠭᠤᠯᠤᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠤ ᠶᠠᠳᠠᠭᠤ ᠶᠢ ᠲᠡᠳᠬᠦᠬᠦ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠠᠰᠢᠭ ᠣᠷᠣᠯᠭ᠎ᠠ ᠶᠢ ᠬᠤᠪᠢᠶᠠᠷᠢᠯᠠᠨ ᠬᠡᠷᠡᠭᠯᠡᠬᠦ ᠲᠥᠯᠥᠪᠯᠡᠭᠡ ᠶᠢ ᠴᠠᠭ ᠲᠤᠬᠠᠶ ᠳᠤᠨᠢ ᠪᠦᠲᠦᠮᠵᠢᠲᠡᠶ ᠠᠷᠭ᠎ᠠ   ᠪᠠᠷ ᠲᠣᠰᠬᠤᠨ ᠤ ᠠᠷᠠᠳ ᠲᠤ ᠵᠠᠷᠯᠠᠨ ᠨᠡᠶᠢᠲᠡᠯᠡᠵᠦ᠂ ᠠᠰᠢᠭ ᠣᠷᠣᠯᠭ᠎ᠠ  ᠶᠢᠨ ᠬᠤᠪᠢᠶᠠᠷᠢᠯᠡᠯ ᠢ ᠬᠡᠷᠡᠭᠵᠢᠭᠦᠯᠬᠦ ᠦᠨᠳᠦᠰᠦᠯᠡᠯ ᠪᠣᠯᠭᠠᠬᠤ ᠬᠡᠷᠡᠭᠲᠡᠶ᠃ ᠠᠰᠢᠭ ᠣᠷᠣᠯᠭ᠎ᠠ ᠶᠢ ᠬᠤᠪᠢᠶᠠᠷᠢᠯᠠᠵᠤ ᠬᠡᠷᠡᠭᠯᠡᠭᠰᠡᠨ ᠦᠷ᠎ᠡ ᠳ᠋ᠦᠩ ᠢ ᠲᠣᠰᠬᠤᠨ  ᠳᠤ ᠪᠠᠨ ᠲᠤᠭᠳᠠᠭᠰᠠᠨ ᠴᠠᠭ ᠲᠤ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ  ᠶᠢ ᠬᠦᠯᠢᠶᠡᠬᠦ ᠬᠡᠷᠡᠭᠲᠡᠶ᠃ 3.ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠠᠵᠢᠯ ᠣᠯᠭᠤᠯᠲᠠ ᠶᠢ ᠠᠬᠢᠭᠤᠯᠬᠤ ᠭᠤᠤᠯ ᠠᠷᠭ᠎ᠠ ᠵᠠᠮ       ︵1︶ ᠠᠵᠢᠯ ᠤᠯᠬᠤ ᠬᠡᠷᠡᠭᠴᠡᠭᠡ ᠱᠠᠭᠠᠷᠳᠠᠯᠭ᠎ᠠ  ᠪᠠᠷ ᠲᠠᠩᠰᠠᠯᠠᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠲᠠᠰ ᠬᠤᠪᠢᠶᠠᠨ ᠠᠵᠢᠯ ᠣᠯᠭᠤᠬᠤ ᠪᠣᠯᠪᠠᠰᠤᠷᠠᠯ ᠬᠦᠷᠳᠡᠭᠡᠬᠦ ᠬᠡᠷᠡᠭᠲᠡᠶ︔       ︵2︶ ᠪᠣᠯᠪᠠᠰᠤᠷᠠᠯ  ᠬᠦᠷᠳᠡᠭᠰᠡᠨ ᠤ ᠲᠠᠷᠠᠭ᠎ᠠ᠂ ᠬᠤᠰᠢᠭᠤ ᠰᠢᠶᠠᠨ ᠲᠣᠭᠤᠷᠢᠭ ᠤᠨ ᠠᠵᠤ ᠠᠬᠤᠶᠢᠯᠠᠯ᠂ ᠶᠠᠳᠠᠭᠤ ᠶᠢ ᠲᠡᠳᠬᠦᠬᠦ ᠦᠢᠯᠡᠳᠪᠤᠷᠢᠯᠡᠯ ᠤᠨ ᠲᠠᠰᠤᠭ ᠪᠠ ᠣᠷᠣᠨ ᠪᠦᠰᠡ ᠶᠢᠨ ᠳᠣᠲᠣᠷᠠᠬᠢ ᠡᠯ᠎ᠡ ᠲᠥᠷᠥᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠠᠵᠢᠯᠴᠢᠨ ᠡᠯᠰᠡᠵᠦ ᠬᠡᠷᠡᠭᠯᠡᠬᠦ ᠳᠡᠭᠡᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠥᠳᠡᠯᠮᠦᠷᠢ ᠶᠢᠨ ᠬᠦᠴᠦᠨ ᠢ ᠬᠠᠷᠠᠭᠠᠯᠵᠠᠨ‌ᠤᠷᠢᠳᠠᠪᠠᠷ ᠬᠡᠷᠡᠭᠯᠡᠬᠦ ᠬᠡᠷᠡᠭᠲᠡᠶ︔       ︵3︶ ᠭᠠᠳᠠᠭᠰᠢ ᠭᠠᠷᠴᠤ ᠠᠵᠢᠯ ᠤᠯᠬᠤ᠂ ᠤᠢᠢᠷ᠎ᠠ ᠬᠠᠪᠢ ᠳᠠᠭᠠᠨ ᠬᠦᠯᠦᠰᠤᠨ‌ᠠᠵᠢᠯ ᠬᠢᠵᠦ ᠤᠷᠤᠯᠭ᠎ᠠ ᠤᠯᠬᠤ ᠶᠢ ᠬᠦᠳᠦᠯᠦᠨ ᠵᠢᠯᠤᠭᠤᠳᠤᠨ᠎ᠠ︔       ︵4︶ ᠵᠠᠰᠠᠭ  ᠤᠨ ᠣᠷᠳᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ  ᠳᠤ ᠶᠠᠳᠠᠭᠤ ᠬᠦᠴᠢᠷᠳᠡᠯᠲᠡᠶ ᠭᠡᠷ ᠪᠦᠯᠢ ᠶᠢᠨ ᠲᠡᠭᠡᠳᠤ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠤᠷᠢᠳᠠᠪᠠᠷ ᠬᠡᠷᠡᠭᠯᠡᠵᠦ᠂ ᠬᠥᠳᠡᠭᠡ ᠲᠣᠰᠬᠤᠨ ᠤ ᠴᠡᠪᠡᠷᠯᠡᠭᠴᠢ᠂ ᠣᠢ ᠰᠢᠭᠤᠶ ᠶᠢᠨ ᠬᠠᠮᠠᠭᠠᠯᠠᠭᠴᠢ᠂ ᠵᠠᠮ ᠬᠠᠮᠠᠭᠠᠯᠠᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠬᠦᠳᠡᠯᠮᠤᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠤᠷᠢᠳᠠᠪᠠᠷ ᠲᠣᠬᠢᠷᠠᠭᠤᠯᠤᠨ᠎ᠠ᠃              ︽ ᠪᠠᠭᠠᠳᠤᠷᠯᠢᠭ ᠳᠠᠷᠬᠠᠨ ᠮᠤᠤᠮᠢᠩᠭᠠᠨ︾  ᠵᠢᠷᠬᠢᠶ᠎ᠡ ᠠᠴᠠ ᠪᠠᠭᠤᠯᠭᠠᠪᠠ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号