ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠮᠡᠳᠡᠪᠡᠰᠤ ᠵᠣᠬᠢᠬᠤ ᠵᠦᠢᠯ ︵ᠵᠢᠷᠭᠤᠭ᠎ᠠ︶
ᠨᠡᠶᠢᠲᠡᠯᠡᠭᠰᠡᠨ ᠴᠠᠭ᠄
2020/6/5
1.ᠥᠪᠡᠷᠲᠡᠭᠡᠨ ᠵᠠᠰᠠᠬᠤ ᠣᠷᠣᠨ  ᠤ ᠡᠳ᠋  ᠤᠨ ᠵᠠᠰᠠᠭ ᠤᠨ ᠶᠠᠳᠠᠭᠤ  ᠶᠢ ᠲᠡᠳᠬᠦᠬᠦ ᠲᠤᠰᠬᠠᠶ ᠲᠦᠷᠦᠯ ᠵᠦᠢᠯ ᠤᠨ ᠪᠡᠯᠡ ᠮᠥᠩᠭᠦ ︵ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ ᠪᠠᠭᠲᠠᠨ᠎ᠠ︶ ᠶᠢ ᠡᠳᠡᠭᠡᠷ ᠶᠢᠰᠤᠨ ᠵᠦᠢᠯ ᠤᠨ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ      ︵1︶ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠦᠨᠳᠦᠰᠦᠨ ᠵᠠᠷᠤᠯᠭ᠎ᠠ︔      ︵2︶ ᠵᠠᠮ ᠬᠠᠷᠢᠯᠴᠠᠭᠠᠨ ᠤ ᠪᠠᠭᠠᠵᠢ ᠵᠢᠴᠢ ᠮᠡᠳᠡᠭᠡ ᠬᠤᠯᠪᠣᠭᠠᠨ ᠤ ᠲᠥᠬᠦᠭᠡᠷᠦᠮᠵᠢ︔      ︵3︶ ᠡᠯ᠎ᠡ ᠵᠦᠢᠯ ᠤᠨ ᠱᠠᠩᠨᠠᠯ ᠤᠨ ᠮᠥᠩᠭᠦ᠂ ᠨᠡᠮᠡᠭᠦᠷᠢ ᠮᠥᠩᠭᠦ ᠪᠠ ᠠᠰᠠᠷᠠᠮᠵᠢ ᠶᠢᠨ ᠨᠥᠬᠦᠪᠥᠷᠢ︔      ︵4︶ ᠠᠵᠤ ᠠᠬᠤᠶᠢᠯᠠᠯ ᠤᠨ ᠠᠯᠳᠠᠭᠳᠠᠯ ᠢ ᠨᠥᠬᠦᠪᠥᠷᠢᠯᠡᠬᠦ︔      ︵5︶ ᠠᠰᠠᠷ ᠲᠠᠭᠲᠤ ᠪᠠᠷᠢᠬᠤ ᠵᠢᠴᠢ ᠶᠠᠳᠠᠭᠤ ᠬᠦᠴᠢᠷᠳᠡᠯ ᠲᠠᠢ ᠠᠷᠠᠳ ᠤᠨ ᠲᠠᠷᠢᠶᠠᠯᠠᠩ ᠤᠨ ᠲᠠᠯᠠᠪᠠᠢ᠂ ᠤᠢ ᠰᠢᠭᠤᠶ ᠶᠢᠨ ᠲᠠᠯᠠᠪᠠᠢ ᠶᠢᠨ ᠲᠦᠬᠦᠮ ᠪᠦᠳᠦᠴᠡᠳᠤ ᠪᠠᠶᠢᠰᠢᠩ ᠢ ᠥᠭᠡᠷᠡᠴᠢᠯᠡᠨ ᠰᠢᠨᠡᠳᠭᠡᠬᠦ  ᠠᠴᠠ ᠭᠠᠳᠠᠨᠠᠬᠢ ᠠᠵᠢᠯᠳᠠᠨ  ᠤ ᠣᠷᠣᠨ ᠰᠠᠭᠤᠴᠠ ᠪᠠᠶᠢᠭᠤᠯᠬᠤ︔      ︵6︶ ᠲᠥᠰᠦᠪ ‍ᠤᠨ‌ᠵᠠᠷᠤᠯᠭ᠎ᠠ ᠶᠢᠨ ᠳᠤᠲᠠᠭᠤᠳᠠᠯ ᠢ ᠨᠥᠬᠦᠪᠥᠷᠢᠯᠡᠬᠦ ᠪᠠ ᠦᠷᠢ ᠥᠭᠴᠡᠭᠡ ᠪᠠᠨ ᠲᠦᠯᠦᠬᠦ︔      ︵7︶ ᠲᠤᠮᠤ ᠳᠤᠮᠳᠠ ᠬᠡᠯᠪᠡᠷᠢ ᠶᠢᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ︔      ︵8︶ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠤᠯᠤᠨ ᠬᠤᠳᠠ ᠶᠢᠨ ᠶᠠᠳᠠᠭᠤ ᠶᠢ ᠲᠡᠳᠬᠦᠬᠦ︔      ︵9︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠢ ᠬᠠᠮᠢᠶ᠎ᠠ ᠦᠭᠡᠢ ᠪᠤᠰᠤᠳ ᠵᠠᠷᠤᠯᠭ᠎ᠠ᠃ 2 .2020 ᠣᠨ  ᠤ ᠡᠳ᠋  ᠤᠨ ᠵᠠᠰᠠᠭ  ᠤᠨ ᠪᠡᠯᠡ ᠮᠥᠩᠭᠦ  ᠶᠢᠨ ᠲᠦᠷᠦ  ᠶᠢᠨ ᠪᠤᠳᠤᠯᠭ᠎ᠠ  ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠠ      ︵1︶ ᠨᠢᠭᠡᠨᠲᠡ ᠲᠣᠭᠲᠠᠭᠤᠨ  ᠢᠶᠠᠷ ᠶᠠᠳᠠᠭᠤ  ᠠᠴᠠ ᠠᠩᠭᠢᠵᠢᠷᠠᠭᠰᠠᠨ ᠣᠷᠣᠨ  ᠤ ᠪᠤᠳᠡᠳᠡᠢ ᠪᠠᠶᠢᠳᠠᠯ  ᠢ ᠦᠨᠳᠦᠰᠦᠯᠡᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠶᠠᠳᠠᠭᠤ ᠬᠦᠴᠢᠷᠳᠡᠯᠲᠡᠶ ᠪᠤᠰᠤ ᠰᠢᠶᠠᠨ ᠪᠠ ᠶᠠᠳᠠᠭᠤ ᠬᠦᠴᠢᠷᠳᠡᠯᠲᠡᠶ ᠪᠤᠰᠤ ᠲᠣᠰᠬᠤᠨ ᠤ ᠶᠠᠳᠠᠭᠤ ᠬᠦᠴᠢᠷᠳᠡᠯᠳᠡᠢ ᠬᠥᠮᠦᠨ ᠠᠮᠠ ᠶᠢᠨ ᠶᠠᠳᠠᠭᠤ ᠠᠴᠠ ᠠᠩᠭᠢᠵᠢᠷᠠᠬᠤ ᠶᠢ ᠲᠡᠮᠵᠢᠵᠤ ᠪᠣᠯᠤᠨ᠎ᠠ᠃ ᠨᠢᠭᠡᠨᠲᠡ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠭᠰᠡᠨ ᠶᠠᠳᠠᠭᠤ ᠬᠦᠴᠢᠷᠳᠡᠯᠲᠡᠢ ᠬᠤᠰᠢᠭᠤ ᠰᠢᠶᠡᠨ  ᠪᠡᠯᠡ ᠮᠦᠡᠭᠭᠦ  ᠪᠠᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠶᠠᠳᠠᠭᠤ ᠬᠦᠴᠢᠷᠳᠡᠯᠲᠡᠢ ᠪᠤᠰᠤ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠳᠤ ᠬᠡᠷᠡᠭᠯᠡᠵᠦ ᠪ᠊ ‍ᠣᠯᠤᠨ᠎ᠠ᠃      ︵2︶ ᠡᠯ᠎ᠡ ᠭᠠᠵᠠᠷ ᠣᠷᠣᠨ ᠡᠷᠭᠡᠪᠰᠢ ᠣᠨᠴᠠᠯᠢᠭᠲᠤ ᠲᠠᠷᠢᠶᠠᠯᠠᠩ  ᠤᠨ ᠠᠵᠤ ᠦᠢᠯᠡᠰ  ᠤᠨ ᠬᠥᠭᠵᠢᠯᠲᠡ  ᠪᠠᠷ ᠶᠠᠳᠠᠭᠤ  ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ  ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠤᠯᠳᠠᠯᠭ᠎ᠠ ᠪᠣᠯᠭᠠᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠤᠯᠭᠤᠯᠳᠠ ᠶᠢ ᠳᠠᠶᠢᠴᠢᠯᠠᠨ᠂ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠡᠳ᠋ ᠤᠨ ᠵᠠᠰᠠᠭ  ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠪᠣᠯᠤᠨ ᠪᠤᠰᠤᠳ ᠡᠮᠬᠢᠯᠡᠨ ᠨᠡᠶᠢᠯᠡᠭᠦᠯᠦᠭᠰᠡᠨ ᠪᠡᠯᠡ ᠮᠥᠩᠭᠦ ᠶᠢᠨ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ  ᠢ ᠬᠠᠮᠠᠭᠠᠯᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠲᠦᠭᠦᠭᠡᠷᠤᠮᠵᠢ ᠶᠢᠨ ᠳᠤᠲᠠᠭᠤᠳᠠᠯ ᠤᠨ ᠬᠡᠷᠡᠭᠴᠡᠭᠡ ᠶᠢ ᠨᠥᠬᠦᠪᠥᠷᠢᠯᠡᠬᠦ ᠬᠡᠷᠡᠭᠲᠡᠶ᠃      ︵3︶ ᠶᠠᠳᠠᠭᠤ ᠬᠦᠴᠢᠷᠳᠡᠯᠲᠡᠶ ᠰᠢᠶᠠᠨ ᠨᠢ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠪᠠ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠬᠦ  ᠭᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ︽ᠬᠡᠷᠡᠭᠴᠡᠭᠡ ᠠᠴᠠ ᠪᠣᠯᠵᠣ ᠴᠡᠭᠴᠡᠯᠡᠬᠦ᠂ ᠴᠡᠭᠴᠡᠯᠡᠪᠡᠰᠦ ᠵᠤᠬᠢᠰᠲᠡᠢ  ᠶᠢ ᠨᠢ ᠡᠷᠭᠡᠪᠰᠢ ᠴᠡᠭᠴᠡᠯᠡᠬᠦ︾ ᠵᠠᠷᠴᠢᠮ ᠶᠣᠰᠣᠭᠠᠷ᠂ ᠨᠢᠭᠡᠳᠦᠯᠲᠡᠶ ᠲᠥᠯᠥᠪᠯᠡᠨ ᠲᠤᠬᠢᠷᠠᠭᠤᠯᠤᠭᠰᠠᠨ ᠪᠠᠯᠠ ᠮᠥᠩᠭᠦ  ᠶᠢᠨ ᠲᠥᠷᠥᠯ ᠵᠦᠢᠯ  ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠳᠤ ᠤᠷᠤᠭᠤᠯᠤᠭᠰᠠᠨ ᠦᠭᠡᠢ ᠶᠠᠳᠠᠭᠤ ᠶᠢ ᠲᠡᠳᠬᠦᠬᠦ ᠠᠴᠠ ᠪᠤᠰᠤ ᠲᠥᠷᠥᠯ ᠵᠦᠢᠯ ᠢ ᠳᠣᠭᠢᠷᠠᠭᠤᠯᠵᠤ ᠪᠣᠯᠬᠤ ᠥᠬᠡᠶ᠃ ᠶᠠᠳᠠᠭᠤ ᠬᠦᠴᠢᠷᠳᠡᠯᠲᠡᠶ ᠰᠢᠶᠠᠨ  ᠤ ᠵᠢ᠊‍ᠯ  ᠤᠨ ᠲᠥᠯᠥᠪᠯᠡᠭᠡ  ᠶᠢᠨ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢᠨ ᠬᠡᠪᠴᠢᠶᠡᠵᠢᠯ ᠪᠠᠭᠤᠷᠠᠭᠰᠠᠨ ᠪᠠᠶᠢᠪᠠᠯ ᠮᠤᠵᠢ ᠶᠢᠨ ᠱᠠᠲᠤᠨ ᠤ ᠡᠳ᠋ ᠤᠨ ᠵᠠᠰᠠᠭ᠂ ᠶᠠᠳᠠᠭᠤ ᠶᠢ ᠲᠡᠳᠭᠦᠬᠦ ᠰᠠᠯᠠᠭ᠎ᠠ ᠮᠥᠴᠢᠷ ᠴᠠᠭ ᠲᠤᠬᠠᠶ ᠳᠤᠨᠢ ᠵᠠᠳᠠᠯᠤᠨ ᠰᠤᠳᠤᠯᠤᠨ ᠮᠠᠭᠠᠳᠯᠠᠵᠤ᠂ ᠡᠮᠵᠡᠭ ᠲᠠᠯ᠎ᠠ  ᠪᠠᠨ ᠴᠠᠭ ᠲᠤᠬᠠᠶ ᠳᠤᠨᠢ ᠰᠢᠮᠳᠠᠭᠤᠯᠤᠨ ᠵᠠᠯᠠᠷᠠᠭᠤᠯᠬᠤ ᠬᠡᠷᠡᠭᠲᠡᠶ᠃      ︵4︶ ᠡᠯ᠎ᠡ ᠭᠠᠵᠠᠷ ᠤᠷᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠵᠢᠴᠢ ᠪᠤᠰᠤᠳ ᠡᠮᠬᠢᠯᠡᠨ ᠨᠡᠶᠢᠯᠡᠭᠦᠯᠦᠭᠰᠡᠨ ᠪᠠᠯᠠ ᠮᠥᠩᠭᠦ ᠶᠢ ᠭᠤᠸᠠᠯᠢᠭᠵᠢᠭᠤᠯᠬᠤ᠂ ᠭᠡᠷᠡᠯᠲᠦᠭᠦᠯᠬᠦ᠂ ᠨᠣᠭᠤᠭᠠᠷᠠᠭᠤᠯᠬᠤ ᠵᠡᠷᠭᠡ ᠡᠯ᠎ᠡ ᠲᠥᠷᠥᠯ  ᠤᠨ ᠦᠵᠡᠮᠵᠢ ᠶᠢᠨ ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠳᠤ ᠬᠡᠷᠡᠭᠯᠡᠵᠦ ᠪᠣᠯᠬᠤ ᠥᠬᠡᠶ᠃ ᠨᠢᠭᠡᠨᠲᠡ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠰᠠᠨ ᠶᠠᠳᠠᠭᠤ ᠬᠦᠴᠢᠷᠳᠡᠯᠲᠡᠢ ᠰᠢᠶᠠᠨ ᠨᠢ  ᠪᠡᠯᠡ ᠮᠥᠩᠭᠦ ᠶᠢ ᠵᠣᠬᠢᠰᠲᠠᠢ ᠲᠤᠬᠢᠷᠠᠭᠤᠯᠵᠤ᠂ ᠲᠣᠰᠬᠤᠨ ᠤ ᠳᠦᠷᠰᠦ ᠪᠠᠶᠢᠳᠠᠯ ᠢ ᠴᠡᠪᠡᠷ ᠴᠡᠮᠴᠡᠭᠡᠷ ᠢᠶᠠᠷ ᠬᠠᠷᠠᠯᠲᠠ ᠪᠣᠯᠭᠠᠭᠰᠠᠨ ᠴᠢᠬᠤᠯᠠ ᠪᠦᠬᠦᠢ ᠬᠥᠳᠡᠭᠡ ᠲᠣᠰᠬᠤᠨ  ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠷᠦᠯ ᠵᠦᠢᠯ ᠳᠤ ᠬᠡᠷᠡᠭᠯᠡᠵᠦ ᠪᠣᠯᠤᠨ᠎ᠠ᠂ ᠭᠡᠪᠡᠴᠦ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ  ᠶᠢᠨ ᠲᠡᠰ ᠳᠡᠪᠰᠢᠭᠦᠯᠬᠦ ᠳᠤ ᠬᠡᠷᠡᠭᠯᠡᠵᠦ ᠪᠣᠯᠬᠤ ᠦᠭᠡᠢ᠃ ᠡᠯ᠎ᠡ ᠭᠠᠵᠠᠷ  ᠤᠨ  ᠬᠢᠨ ᠳᠠᠬᠢᠨ ᠶᠠᠳᠠᠭᠤᠷᠠᠬᠤ  ᠠᠴᠠ ᠰᠡᠷᠡᠮᠵᠢᠯᠡᠬᠦ ᠪᠠ ᠬᠥᠳᠡᠯᠦᠩᠭᠦᠶ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠵᠢᠴᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠶᠢ ᠠᠬᠢᠭᠤᠯᠬᠤ ᠠᠵᠢᠯ ᠤᠨ ᠵᠠᠷᠤᠳᠠᠯ ᠢ ᠣᠷᠣᠨ ᠨᠤᠲᠤᠭ ᠠᠴᠠ ᠰᠢᠢᠳᠪᠤᠷᠢᠯᠡᠵᠤ᠂ ᠬᠠᠪᠰᠤᠷᠤᠨ ᠲᠡᠳᠬᠦᠬᠦ ᠪᠡᠯᠡ ᠮᠥᠩᠭᠦ ᠶᠢ ᠣᠳᠣ ᠶᠢᠨ ᠪᠠᠶᠢᠭ᠎ᠠ ᠬᠠᠮᠢᠶ᠎ᠠ ᠪᠦᠬᠦᠢ ᠠᠷᠭ᠎ᠠ ᠵᠠᠮ ᠢᠶᠠᠷ ᠰᠢᠢᠳᠪᠤᠷᠢᠯᠡᠨ᠎ᠡ᠃      ︵5︶ ᠭᠠᠵᠠᠷ ᠣᠷᠣᠨ ᠤ ᠪᠠᠶᠢᠳᠠᠯ  ᠳᠤ ᠪᠠᠨ ᠲᠤᠭᠢᠷᠠᠭᠰᠠᠨ ᠡᠳ᠋ ᠬᠥᠷᠥᠩᠭᠡ  ᠶᠢᠨ ᠠᠰᠢᠭ ᠣᠷᠣᠯᠭ᠎ᠠ   ᠪᠠᠷ ᠶᠠᠳᠠᠭᠤ  ᠶᠢ ᠲᠡᠳᠬᠦᠬᠦ ᠶᠢ ᠪᠠᠷᠢᠮᠲᠠᠯᠠᠵᠤ᠂ ᠣᠨᠴᠠᠯᠢᠭᠲᠤ ᠠᠵᠤ ᠦᠢᠯᠡᠰ ᠢ  ᠬᠦᠭᠵᠢᠬᠦᠯᠬᠦ᠂ ᠰᠢᠶᠠᠨ ᠤ ᠬᠡᠪᠴᠢᠶᠡᠨ ᠤ ᠠᠵᠤ ᠠᠬᠤᠶ ᠶᠢ ᠪᠤᠵᠠᠭᠠᠶᠢᠷᠠᠭᠤᠯᠬᠤ ᠤᠭ ᠰᠠᠨᠠᠭ᠎ᠠ ᠶᠢ  ᠪᠠᠷᠢᠮᠳᠠᠯᠠᠵᠤ᠂ ᠡᠳ᠋ ᠬᠥᠷᠥᠩᠭᠡ ᠶᠢᠨ ᠠᠰᠢᠭ ᠣᠷᠣᠯᠭ᠎ᠠ ᠪᠠᠷ ᠶᠠᠳᠠᠭᠤ ᠶᠢ ᠲᠡᠳᠬᠦᠬᠦ ᠨᠡᠷ᠎ᠡ ᠪᠠᠷ ᠬᠤᠪᠢ ᠣᠷᠣᠭᠤᠯᠵᠤ ᠠᠰᠢᠭ ᠬᠤᠪᠢᠶᠠᠬᠤ᠂ ᠢᠯᠡ ᠬᠤᠪᠢ ᠤᠷᠤᠭᠤᠯᠵᠤ ᠦᠷᠢ ᠲᠠᠯᠪᠢᠬᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ︽ᠡᠷᠦᠬᠡ ᠶᠢᠨ ᠵᠢᠭᠡᠯᠡᠯᠭᠡ  ᠶᠢ ᠠᠵᠤ ᠠᠬᠤᠶᠢᠯᠠᠯ  ᠳᠤ ᠬᠡᠷᠡᠭᠯᠡᠬᠦ︾ ᠵᠡᠷᠭᠡ ᠡᠯ᠎ᠡ  ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ᠃ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠠᠵᠤ ᠦᠢᠯᠡᠰ  ᠤᠨ ᠬᠥᠭᠵᠢᠯᠲᠡ  ᠳᠤ ᠣᠷᠣᠯᠴᠠᠭᠤᠯᠬᠤ  ᠶᠢᠨ ᠬᠠᠮᠲᠤ  ᠬᠦᠳᠡᠯᠮᠤᠷᠢᠯᠡᠭᠦᠯᠦᠨ ᠬᠥᠯᠥᠰᠥ ᠣᠯᠭᠤᠮᠵᠢ  ᠦᠭᠴᠦ᠂ ᠠᠵᠢᠯᠴᠢ ᠠᠷᠪᠢᠴᠢ ᠶᠢ ᠡᠷᠭᠢᠮᠯᠡᠨ ︽ᠠᠯᠵᠠᠭᠤ ᠵᠠᠯᠬᠠᠭᠤ︾  ᠪᠤᠯᠬᠤ ᠠᠴᠠ ᠰᠡᠷᠭᠡᠶᠢᠯᠡᠬᠦ ᠬᠡᠷᠡᠭᠲᠡᠶ᠃            ︽ ᠪᠠᠭᠠᠳᠤᠷᠯᠢᠭ  ᠳᠠᠷᠬᠠᠨ ᠮᠤᠤᠮᠢᠩᠭᠠᠨ︾  ᠵᠢᠷᠬᠢᠶ᠎ᠡ ᠠᠴᠠ ᠪᠠᠭᠤᠯᠭᠠᠪᠠ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号