ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠮᠡᠳᠡᠪᠡᠰᠦ ᠵᠣᠬᠢᠬᠤ ᠵᠦᠢᠯ ︵ᠳᠣᠯᠤᠭ᠎ᠠ︶
ᠨᠡᠶᠢᠲᠡᠯᠡᠭᠰᠡᠨ ᠴᠠᠭ᠄
2020/6/5
ᠶᠠᠳᠠᠭᠤ ᠶᠢ ᠳᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠦ ᠶᠢᠨ ᠪᠣᠳᠤᠯᠭ᠎ᠠ      ︵1︶ ᠲᠥᠷᠦ ᠶᠢᠨ ᠪᠣᠳᠤᠯᠭ᠎ᠠ ᠶᠢᠨ ᠭᠤᠣᠯᠳᠠᠯᠭ᠎ᠠ᠃ ᠶᠠᠳᠠᠭᠤ ᠶᠢ ᠳᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠨᠢ ᠦᠷᠭᠦᠯᠵᠢᠯᠡᠨ ︽ᠲᠠᠪᠤᠨ ᠲᠥᠮᠡᠨ ᠲᠥᠭᠦᠷᠢᠭ ᠠᠴᠠ ᠪᠠᠭ᠎ᠠ᠂ ᠭᠤᠷᠪᠠᠨ ᠵᠢᠯ ᠤᠨ ᠬᠤᠭᠤᠴᠠᠭ᠎ᠠ ᠲᠠᠢ᠂ ᠪᠠᠷᠢᠴᠠᠭ᠎ᠠ ᠦᠭᠡᠢ᠂ ᠦᠨᠳᠦᠰᠦᠨ ᠬᠦᠦ ᠮᠥᠩᠭᠦ ᠲᠠᠢ ᠪᠠᠶᠢᠵᠤ᠂ ᠵᠠᠰᠠᠭ ᠤᠨ ᠣᠷᠳᠤᠨ ᠠᠴᠠ ᠬᠦᠦ ᠮᠥᠩᠭᠦ ᠶᠢ ᠨᠢ ᠨᠥᠬᠦᠪᠦᠷᠢᠯᠡᠨ᠂ ᠰᠢᠶᠡᠨ ᠠᠴᠠ ᠪᠠᠶᠢᠭᠤᠯᠤᠭᠰᠠᠨ ᠠᠶᠤᠯ ᠳᠥᠭᠰᠢᠭᠦᠷᠢ ᠶᠢᠨ ᠨᠥᠬᠦᠪᠦᠷᠢ ᠮᠥᠩᠭᠦ︾ ᠤᠨ ᠲᠥᠷᠦ ᠶᠢᠨ ᠪᠣᠳᠤᠯᠭ᠎ᠠ ᠶᠢ ᠪᠠᠷᠢᠮᠲᠠᠯᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠬᠤᠭᠤᠴᠠᠭᠠᠨ ᠳᠤ ᠶᠠᠳᠠᠭᠤ ᠶᠢ ᠳᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠢᠴᠢ ᠦᠷᠭᠦᠯᠵᠢᠯᠡᠨ ᠵᠢᠭᠡᠯᠡᠬᠦ ᠂ ᠵᠢᠭᠡᠯᠡᠯᠭᠡ ᠪᠤᠴᠠᠭᠠᠬᠤ ᠶᠢ ᠬᠤᠶᠢᠰᠢᠯᠠᠭᠤᠯᠬᠤ ᠡᠯ᠎ᠡ ᠵᠦᠢᠯ ᠤᠨ ᠲᠥᠷᠦ ᠶᠢᠨ ᠪᠣᠳᠤᠯᠭ᠎ᠠ ᠨᠢ ᠬᠤᠪᠢᠷᠠᠬᠤ ᠦᠭᠡᠢ᠃      ︵2︶ ᠪᠠᠲᠤᠯᠠᠬᠤ ᠡᠲᠡᠭᠡᠳ᠃ ᠶᠠᠳᠠᠭᠤ ᠶᠢ ᠳᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠨᠢ ᠭᠤᠣᠯᠳᠠᠭᠤ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠡᠷᠦᠬᠡ ︵ᠨᠢᠭᠡᠨᠲᠡ ᠶᠠᠳᠠᠭᠤ ᠠᠴᠠ ᠠᠩᠭᠢᠵᠢᠷᠠᠭᠰᠠᠨ ᠶᠠᠳᠠᠭᠤ ᠬᠦᠴᠢᠷᠳᠡᠯᠲᠡᠢ ᠡᠷᠦᠭᠡ ᠶᠢ ᠪᠠᠭᠲᠠᠭᠠᠨ᠎ᠠ︶ ᠶᠢ ᠳᠡᠮᠵᠢᠨ᠎ᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠬᠤᠭᠤᠴᠠᠭᠠᠨ ᠳᠤ᠂ ᠬᠤᠯᠪᠤᠭᠳᠠᠯ ᠪᠥᠬᠦᠢ ᠨᠥᠬᠦᠴᠡᠯ ᠳᠤ ᠬᠦᠷᠦᠭᠰᠡᠨ ᠤᠷᠢᠳᠤᠯ ᠳᠣᠣᠷ᠎ᠠ᠂ ᠪᠠᠩᠭᠢ ᠶᠢᠨ ᠪᠠᠶᠢᠭᠤᠯᠤᠮᠵᠢ ᠠᠴᠠ ᠦᠷᠭᠦᠯᠵᠢᠯᠡᠨ ᠵᠢᠭᠡᠯᠡᠯᠭᠡ ᠣᠯᠭᠤᠬᠤ ᠪᠤᠶᠤ ᠵᠢᠭᠡᠯᠡᠯᠭᠡ ᠪᠤᠴᠠᠭᠠᠬᠤ ᠶᠢ ᠬᠤᠶᠢᠰᠢᠯᠠᠭᠤᠯᠬᠤ ᠶᠢ ᠭᠦᠢᠴᠡᠳᠬᠡᠨ᠂ ᠨᠢᠭᠡᠨᠲᠡ ᠶᠠᠳᠠᠭᠤ ᠶᠢ ᠳᠡᠳᠬᠦᠬᠦ ᠪᠠᠭ᠎ᠠ ᠲᠣᠭᠠᠨ ᠤ ᠵᠢᠭᠡᠯᠡᠯᠭᠡ ᠪᠠᠨ ᠪᠤᠴᠠᠭᠠᠭᠰᠠᠨ ᠪᠤᠶᠤ ᠳᠠᠬᠢᠨᠲᠠ ᠵᠢᠭᠡᠯᠡᠬᠦ ᠨᠥᠬᠦᠴᠡᠯ ᠳᠤ ᠬᠦᠷᠬᠦ ᠤᠷᠢᠳᠤᠯ ᠳᠣᠣᠷ᠎ᠠ᠂ ᠪᠠᠩᠭᠢ ᠶᠢᠨ ᠪᠠᠶᠢᠭᠤᠯᠤᠮᠵᠢ ᠠᠴᠠ ᠶᠠᠳᠠᠭᠤ ᠬᠦᠴᠢᠷᠳᠡᠯᠲᠡᠢ ᠡᠷᠦᠬᠡ ᠳᠤ ᠣᠯᠠᠨ ᠤᠳᠠᠭ᠎ᠠ ᠪᠠᠭ᠎ᠠ ᠲᠣᠭᠠᠨ ᠤ ᠵᠢᠭᠡᠯᠡᠯᠭᠡ ᠣᠯᠭᠤᠵᠣ ᠪᠣᠯᠤᠨ᠎ᠠ᠃      ︵3︶ ᠵᠢᠭᠡᠯᠡᠯᠭᠡ ᠶᠢᠨ ᠬᠡᠷᠡᠭᠴᠡᠭᠡ᠃ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠨᠢ ᠡᠷᠦᠬᠡ ᠠᠴᠠ ᠵᠢᠭᠡᠯᠡᠵᠦ ᠬᠡᠷᠡᠭᠯᠡᠨ ᠪᠤᠴᠠᠭᠠᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠦᠢᠯᠡᠳᠪᠦᠷᠢᠯᠡᠯ ᠢᠶᠠᠨ ᠬᠥᠭᠵᠢᠭᠦᠯᠬᠦ ᠳᠤ ᠵᠠᠷᠤᠴᠠᠭᠤᠯᠵᠤ᠂ ᠬᠤᠷᠢᠮ ᠨᠠᠶᠢᠷ᠂ ᠪᠠᠶᠢᠰᠢᠩ ᠪᠠᠷᠢᠬᠤ᠂ ᠡᠳ᠋ ᠠᠬᠤᠢ᠂ ᠭᠡᠷ ᠪᠥᠯᠢ ᠶᠢᠨ ᠬᠡᠷᠡᠭᠰᠡᠯ ᠵᠡᠷᠭᠡ ᠦᠢᠯᠡᠳᠪᠦᠷᠢᠯᠡᠯ ᠤᠨ ᠪᠣᠰᠤ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠂ ᠨᠡᠩ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠤᠷᠠᠮᠳᠤᠭᠤᠯᠭ᠎ᠠ  ᠶᠢᠨ ᠳᠡᠪᠴᠡᠩ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠵᠦ ᠪᠣᠯᠬᠤ ᠦᠭᠡᠢ᠃      ︵4︶ᠵᠢᠭᠡᠯᠡᠯᠭᠡ ᠵᠢᠭᠡᠯᠡᠬᠦ ᠨᠥᠬᠦᠴᠡᠯ᠃ ᠰᠢᠨ᠎ᠡ ᠪᠠᠷ ᠶᠠᠳᠠᠭᠤ ᠶᠢ ᠳᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ︵ᠦᠷᠭᠦᠯᠵᠢᠯᠠᠨ ᠵᠢᠭᠡᠯᠡᠬᠦ ᠪᠠ ᠵᠢᠭᠡᠯᠡᠯᠭᠡ ᠪᠤᠴᠠᠭᠠᠬᠤ ᠬᠤᠭᠤᠴᠠᠭ᠎ᠠ ᠶᠢ ᠬᠤᠶᠢᠰᠢᠯᠠᠭᠤᠯᠬᠤ ᠪᠠᠭᠲᠠᠨ᠎ᠠ︶ ᠭᠤᠶᠤᠴᠢᠯᠠᠬᠤ ᠶᠠᠳᠠᠭᠤ ᠬᠦᠴᠢᠷᠳᠡᠯᠲᠡᠢ ᠡᠷᠦᠬᠡ ᠡᠷᠬᠡᠪᠰᠢ ᠬᠠᠤᠯᠢ ᠳᠦᠷᠢᠮ ᠢ ᠰᠠᠬᠢᠨ᠂ ᠦᠨᠡᠨᠴᠢ ᠢᠲᠡᠭᠡᠮᠵᠢᠲᠡᠢ ᠪᠠᠶᠢᠵᠤ᠂ ᠢᠲᠡᠭᠡᠮᠵᠢ ᠶᠢᠨ ᠲᠡᠮᠳᠡᠭᠡᠯᠡᠯ ᠢ ᠬᠦᠨᠳᠦ ᠨᠤᠴᠢᠲᠠᠢ ᠵᠥᠷᠢᠴᠡᠭᠰᠡᠨ ᠦᠭᠡᠢ ᠪᠠᠶᠢᠵᠤ᠂ ᠪᠥᠷᠢᠨ ᠢᠷᠭᠡᠨ ᠤ ᠬᠠᠷᠢᠭᠤᠴᠠᠯᠭ᠎ᠠ ᠶᠢᠨ ᠴᠢᠳᠠᠪᠤᠷᠢ ᠲᠠᠢ ᠪᠠᠶᠢᠬᠤ ᠬᠡᠷᠡᠭᠲᠡᠢ︔ ᠡᠷᠬᠡᠪᠰᠢ ᠪᠠᠩᠭᠢ ᠶᠢᠨ ᠦᠨᠡᠯᠡᠯᠲᠡ ᠶᠢᠨ ᠬᠢᠷᠢ ᠬᠡᠮᠵᠢᠶᠡᠨ ᠳᠤ ᠬᠦᠷᠴᠦ ᠵᠣᠬᠢᠬᠤ ᠵᠢᠭᠡᠯᠡᠯᠭᠡ ᠪᠤᠴᠠᠭᠠᠬᠤ ᠴᠢᠳᠠᠪᠤᠷᠢ ᠪᠠᠶᠢᠬᠤ ᠬᠡᠷᠡᠭᠲᠡᠢ︔ ᠵᠢᠭᠡᠯᠡᠯᠭᠡ ᠶᠢᠨ ᠪᠡᠯᠡ ᠮᠥᠩᠭᠦ ᠶᠢ ᠡᠷᠬᠡᠪᠰᠢ ᠬᠠᠤᠯᠢ ᠳᠦᠷᠢᠮ ᠵᠥᠷᠢᠴᠡᠭᠰᠡᠨ ᠦᠭᠡᠢ ᠦᠢᠯᠡᠰ ᠪᠠ ᠲᠥᠷᠦᠯ ᠵᠦᠢᠯ ᠳᠤ ᠵᠠᠷᠤᠴᠠᠭᠤᠯᠤᠨ᠂ ᠵᠤᠬᠢᠬᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠪᠠᠶᠢᠬᠤ ᠬᠡᠷᠡᠭᠲᠡᠢ︔ ᠵᠢᠭᠡᠯᠡᠯᠭᠡ ᠵᠢᠭᠡᠯᠡᠬᠦ ᠬᠦᠮᠦᠨ ᠵᠠᠷᠴᠢᠮ ᠳᠡᠭᠡᠷ᠎ᠡ ᠪᠠᠨ 18 ᠪᠥᠬᠦᠯᠢ ᠨᠠᠰᠤ ᠠᠴᠠ 65 ᠪᠥᠬᠦᠯᠢ ᠨᠠᠰᠤᠨ ᠤ ᠬᠤᠭᠤᠷᠤᠨᠳᠤ ᠪᠠᠶᠢᠬᠤ ᠬᠡᠷᠡᠭᠲᠡᠢ᠃ ᠪᠠᠩᠭᠢ ᠶᠢᠨ ᠪᠠᠶᠢᠭᠤᠯᠤᠮᠵᠢ ᠠᠴᠠ ᠵᠢᠭᠡᠯᠡᠯᠭᠡ ᠵᠢᠭᠡᠯᠡᠬᠦ ᠬᠦᠮᠦᠨ ᠤ ᠲᠤᠰ ᠪᠡᠶ᠎ᠡ ᠶᠢᠨ ᠨᠥᠬᠦᠴᠡᠯ᠂ ᠵᠢᠭᠡᠯᠡᠯᠭᠡ ᠶᠢᠨ ᠬᠡᠷᠡᠭᠴᠡᠭᠡ᠂ ᠠᠶᠤᠯ ᠳᠥᠭᠰᠢᠭᠦᠷᠢ ᠶᠢᠨ ᠨᠥᠬᠦᠪᠦᠷᠢ ᠶᠢᠨ ᠪᠠᠶᠢᠭᠤᠯᠤᠮᠵᠢ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠤᠯᠬᠢᠯᠠᠵᠤ᠂ ᠵᠢᠭᠡᠯᠡᠯᠭᠡ ᠣᠯᠭᠤᠬᠤ ᠡᠰᠡᠬᠦ ᠪᠠᠨ ᠥᠪᠡᠷᠲᠡᠭᠡᠨ ᠰᠢᠢᠳᠪᠦᠷᠢ ᠭᠠᠷᠭᠠᠨ᠎ᠠ᠃ᠶᠠᠳᠠᠭᠤ ᠶᠢ ᠳᠡᠳᠬᠦᠬᠦ ᠵᠢᠭᠡᠯᠡᠯᠭᠡ ᠶᠢᠨ ᠬᠦᠦ ᠮᠥᠩᠭᠦ ᠨᠥᠬᠦᠪᠦᠷᠢᠯᠡᠬᠦ ᠬᠦᠷᠢᠶ᠎ᠡ ᠬᠡᠪᠴᠢᠶ᠎ᠡ ᠵᠢᠴᠢ ᠨᠣᠷᠮ᠎ᠠ      ᠪᠥᠬᠦ ᠰᠠᠶᠢᠨ ᠳᠤᠷ᠎ᠠ ᠠᠴᠠ ᠪᠠᠨ ᠶᠠᠳᠠᠭᠤ ᠶᠢ ᠳᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠭᠤᠶᠤᠴᠢᠯᠠᠨ ᠣᠯᠤᠭᠰᠠᠨ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠡᠷᠦᠬᠡ ᠳᠤ ᠬᠤᠰᠢᠭᠤᠨ ᠰᠢᠶᠡᠨ ᠤ ᠡᠳ᠋ ᠤᠨ ᠵᠠᠰᠠᠭ ᠠᠴᠠ ᠪᠥᠬᠦ ᠬᠦᠦ ᠮᠥᠩᠭᠦ ᠶᠢ ᠵᠢᠯ ᠳᠤ ᠨᠢᠭᠡ ᠤᠳᠠᠭ᠎ᠠ ᠪᠤᠳᠤᠬᠤ ᠬᠡᠯᠪᠡᠷᠢ ᠪᠠᠷ ᠨᠥᠬᠦᠪᠦᠷᠢᠯᠡᠵᠦ ᠥᠭᠭᠦᠨ᠎ᠡ᠃             ︽ ᠪᠠᠭᠠᠳᠤᠷᠯᠢᠭ ᠳᠠᠷᠬᠠᠨ ᠮᠤᠤᠮᠢᠩᠭᠠᠨ︾  ᠵᠢᠷᠬᠢᠶ᠎ᠡ ᠠᠴᠠ ᠪᠠᠭᠤᠯᠭᠠᠪᠠ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号