ᠰᠤᠷᠪᠤᠯᠵᠢᠯᠠᠭᠰᠠᠨ ᠵᠣᠴᠢᠨ᠄ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠯᠢᠦ ᠵᠢᠶᠠᠨ ᠬᠥᠩ | ᠰᠤᠷᠪᠤᠯᠵᠢᠯᠠᠭᠰᠠᠨ ᠴᠠᠭ᠄ 2020 ᠣᠨ ᠤ 5 ᠰᠠᠷ᠎ᠠ ᠶᠢᠨ 11 ᠤ ᠡᠳᠦᠷ | | | ᠬᠥᠲᠥᠯᠥᠭᠴᠢ᠄ | 2020 ᠣᠨ ᠤ ᠮᠠᠨ ᠤ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ | ᠥᠷᠨᠢᠭᠦᠯᠦᠭᠰᠡᠨ ᠤ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ᠰᠤᠷᠪᠤᠯᠵᠢᠯᠠᠭᠰᠠᠨ ᠵᠣᠴᠢᠨ᠄ | 2020 ᠣᠨ ᠳᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠭᠤᠰᠢᠯᠠᠭᠤᠯᠵᠤ᠂ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠳᠡᠭᠡᠳᠥ ᠱᠠᠲᠤᠨ ᠤ | ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠠᠵᠢᠯ ᠤᠨ ᠲᠣᠬᠢᠷᠠᠭᠤᠯᠤᠯᠲᠠ ᠲᠠᠢ ᠨᠢᠭᠲᠠ | ᠤᠶᠠᠯᠳᠤᠭᠤᠯᠤᠨ᠂ ᠦᠨᠡᠨ ᠪᠣᠳᠠᠲᠠᠶ ᠠᠵᠢᠯᠯᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠵᠤ᠂ ᠥᠢᠯᠡᠴᠢᠯᠡᠭᠡ | ᠶᠢ ᠰᠠᠭᠠᠳ ᠦᠭᠡᠢ ᠨᠡᠪᠲᠡᠷᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ᠂ | ᠪᠦᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠰ ᠤᠨ ᠲᠣᠭᠲᠠᠭᠤᠨ ᠬᠥᠭᠵᠢᠯᠲᠡ ᠶᠢ ᠠᠬᠢᠭᠤᠯᠪᠠ | ᠃ | | ᠨᠢᠭᠡ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠪᠠᠶᠢᠳᠠᠯ | 1. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ | ᠣᠷᠣᠯᠴᠠᠭᠰᠠᠨ ᠳᠠᠳᠠᠪᠤᠷᠢᠯᠠᠨ ᠲᠤᠰᠢᠶᠠᠭᠰᠠᠨ ᠪᠠᠶᠢᠳᠠᠯ᠄ 2020 ᠣᠨ ᠳᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠢ 73558 ᠬᠥᠮᠦᠨ᠂ ᠨᠡᠶᠢᠲᠡ 2255.59 | ᠲᠦᠮᠡᠨ ᠲᠥᠭᠦᠷᠢᠭ ᠲᠤ ᠬᠦᠷᠴᠡᠶ᠃ ᠡᠭᠦᠨ ᠳᠤ 200 ᠲᠥᠭᠦᠷᠢᠭ ᠲᠤᠰᠢᠶᠠᠭᠰᠠᠨ 8216 ᠬᠥᠮᠦᠨ ᠪᠠᠶᠢᠵᠤ᠂ | 164.32 ᠲᠦᠮᠡᠨ ᠲᠥᠭᠦᠷᠢᠭ ᠪᠣᠯᠤᠨ᠎ᠠ︔ 320 ᠲᠥᠭᠦᠷᠢᠭ ᠲᠤᠰᠢᠶᠠᠭᠰᠠᠨ ᠬᠥᠮᠦᠨ65176 ᠪᠠᠶᠢᠵᠤ᠂ | 2085.63 ᠲᠦᠮᠡᠨ ᠲᠥᠭᠦᠷᠢᠭ ᠪᠠᠶᠢᠵᠤ᠂ 340 ᠲᠥᠭᠦᠷᠢᠭ ᠲᠤᠰᠢᠶᠠᠭᠰᠠᠨ ᠬᠥᠮᠦᠨ 166 ᠪᠠᠶᠢᠵᠤ᠂ 5. | 64 ᠲᠦᠮᠡᠨ ᠲᠥᠭᠦᠷᠢᠭ ᠪᠣᠯᠤᠨ᠎ᠠ᠃ | 2 . ᠡᠯ᠎ᠡ ᠵᠥᠢᠯ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠵᠠᠷᠤᠯᠭ᠎ᠠ ᠶᠢᠨ ᠪᠠᠶᠢᠳᠠᠯ᠄ 5 | ᠰᠠᠷ᠎ᠠ ᠪᠣᠯᠲᠠᠯ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠲᠠᠨ ᠠᠵᠢᠯᠴᠢᠨ ᠤ ᠬᠤᠲᠠ ᠶᠢᠨ | ᠭᠠᠳᠠᠨ᠎ᠠ 64 ᠬᠥᠮᠦᠨ ᠤᠳᠠᠭ᠎ᠠ ᠲᠠᠩᠰᠠ ᠳᠡᠶᠢᠯᠵᠦ᠂ 41.89 ᠲᠦᠮᠡᠨ ᠲᠥᠭᠦᠷᠢᠭ ᠤᠨ ᠪᠠᠯᠠ ᠮᠥᠩᠭᠦ ᠶᠢ | ᠨᠢᠭᠡᠳᠦᠯᠲᠡᠶ ᠳᠥᠯᠥᠪᠯᠡᠨ ᠥᠭᠴᠡᠶ︔ ᠣᠷᠣᠨ ᠤ ᠳᠣᠲᠣᠷ᠎ᠠ ᠣᠨᠳᠣᠤ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠢ | 125 ᠬᠥᠮᠦᠨ ᠤᠳᠠᠭ᠎ᠠ ᠰᠢᠯᠵᠢᠭᠦᠯᠦᠨ᠂ ᠣᠨᠳᠣᠤ ᠭᠠᠵᠠᠷ ᠲᠤ 49 ᠬᠥᠮᠦᠨ ᠤᠳᠠᠭ᠎ᠠ ᠲᠥᠪᠬᠢᠨᠡᠭᠦᠯᠪᠡ︔ | ᠠᠯᠪᠠᠲᠠᠨ ᠤ ᠡᠮᠴᠢᠯᠡᠭᠡᠨ ᠤ ᠨᠥᠬᠦᠪᠥᠷᠢ ᠶᠢ 107 ᠬᠥᠮᠦᠨ ᠤᠳᠠᠭ᠎ᠠ ᠲᠠᠩᠰᠠᠨ ᠠᠴᠠ ᠲᠠᠶᠢᠯᠵᠤ᠂ ᠨᠢᠭᠡᠳᠦᠯᠲᠡᠶ | ᠳᠥᠯᠥᠪᠯᠡᠨ ᠥᠭᠭᠦᠭᠰᠡᠨ ᠵᠣᠭᠤᠰ ᠤᠨ ᠲᠤᠭ᠎ᠠ 32.22 ᠲᠦᠮᠡᠨ ᠲᠥᠭᠦᠷᠢᠭ ᠬᠦᠷᠴᠡᠶ︔ ᠰᠠᠭᠤᠭᠠᠯᠢ ᠠᠷᠠᠳ ᠤᠨ | ᠡᠮᠨᠡᠯᠭᠡ ᠳᠤ ᠰᠠᠭᠤᠵᠤ ᠳᠠᠩᠰᠠ ᠲᠠᠶᠢᠯᠤᠭᠰᠠᠨ ᠨᠢ 1464 ᠬᠥᠮᠦᠨ ᠤᠳᠠᠭ᠎ᠠ ᠳᠤ ᠬᠥᠷᠴᠥ᠂ ᠨᠢᠭᠡᠳᠦᠯᠲᠡᠶ | ᠳᠥᠯᠥᠪᠯᠡᠨ ᠥᠭᠭᠦᠭᠰᠡᠨ ᠵᠣᠭᠤᠰ ᠤᠨ ᠲᠤᠭ᠎ᠠ 524.58 ᠲᠦᠮᠡᠨ ᠲᠥᠭᠦᠷᠢᠭ ᠲᠤ ᠬᠦᠷᠴᠡᠶ︔ ᠡᠭᠦᠳᠡᠨ | ᠡᠮᠨᠡᠯᠭᠡ ᠶᠢᠨ ᠳᠠᠩᠰᠠ ᠶᠢ 8681 ᠬᠥᠮᠦᠨ ᠤᠳᠠᠭ᠎ᠠ ᠳᠠᠩᠰᠠᠨ ᠠᠴᠠ ᠲᠠᠶᠢᠯᠵᠤ᠂ 74.48 ᠲᠦᠮᠡᠨ ᠳᠥᠭᠦᠷᠢᠭ | ᠢ ᠨᠢᠭᠡᠳᠦᠯᠲᠡᠶ ᠲᠥᠯᠥᠪᠯᠡᠨ ᠥᠭᠴᠦ᠂ 3890 ᠬᠥᠮᠦᠨ ᠤᠳᠠᠭ᠎ᠠ ᠶᠢᠨ ᠤᠳᠠᠭᠠᠨ ᠴᠢᠨᠠᠷᠲᠠᠶ ᠡᠪᠡᠳᠴᠢᠨ ᠤ | ᠲᠠᠩᠰᠠ ᠳᠡᠶᠢᠯᠵᠦ᠂ 115.86 ᠲᠦᠮᠡᠨ ᠲᠥᠭᠦᠷᠢᠭ ᠤᠨ ᠨᠢᠭᠡᠳᠦᠯᠲᠡᠶ ᠲᠥᠯᠥᠪᠯᠡᠨ ᠲᠣᠭᠠᠴᠠᠭ᠎ᠠ ᠬᠢᠪᠠ︔ | ᠰᠣᠶᠣᠯ ᠤᠨ ᠶᠡᠭᠡ ᠬᠤᠪᠢᠰᠬᠠᠯ ᠤᠨ ᠵᠡᠮᠳᠡᠭ ᠬᠥᠮᠦᠨ 55 ᠬᠥᠮᠦᠨ ᠤᠳᠠᠭ᠎ᠠ ᠳᠤ ᠬᠦᠷᠴᠦ᠂ ᠲᠠᠩᠰᠠ ᠲᠠᠶᠢᠯᠤᠭᠰᠠᠨ | ᠵᠤᠭᠤᠰ 15.28 ᠲᠦᠮᠡᠨ ᠲᠥᠭᠦᠷᠢᠭ ᠬᠦᠷᠴᠡᠶ︔ ᠦᠷᠡᠵᠢᠯ ᠤᠨ ᠳᠠᠭᠠᠳᠬᠠᠯ ᠢ 30 ᠬᠥᠮᠦᠨ ᠤᠳᠠᠭ᠎ᠠ ᠲᠠᠩᠰᠠ | ᠠᠴᠠ ᠳᠡᠶᠢᠯᠵᠦ᠂ ᠲᠠᠩᠰᠠ ᠲᠠᠶᠢᠯᠤᠭᠰᠠᠨ ᠵᠣᠭᠤᠰ ᠤᠨ ᠲᠤᠭ᠎ᠠ ᠨᠢ 38.6 ᠲᠦᠮᠡᠨ ᠲᠥᠭᠦᠷᠢᠭ ᠪᠣᠯᠤᠨ᠎ᠠ︔ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠠᠪᠤᠷᠠᠨ ᠲᠤᠰᠠᠯᠠᠯᠲᠠ 29 ᠬᠥᠮᠦᠨ | ᠤᠳᠠᠭ᠎ᠠ ᠳᠤ ᠬᠥᠷᠴᠥ᠂ ᠠᠪᠤᠷᠠᠨ ᠲᠤᠰᠠᠯᠠᠭᠰᠠᠨ ᠵᠣᠭᠤᠰ ᠤᠨ ᠲᠤᠭ᠎ᠠ 17.3 ᠲᠦᠮᠡᠨ ᠲᠥᠭᠦᠷᠢᠭ ᠲᠤ ᠬᠦᠷᠴᠡᠶ᠃ | | 3. ᠤᠳᠠᠭᠠᠨ ᠴᠢᠨᠠᠷᠲᠠᠶ ᠡᠪᠡᠳᠴᠢᠨ᠂ ︽ᠬᠤᠶᠠᠷ ᠡᠪᠡᠳᠴᠢᠨ︾ ᠤ ᠬᠢᠨᠠᠨ ᠲᠣᠭᠲᠠᠭᠠᠵᠤ ᠨᠤᠳᠠᠯᠠᠭᠰᠠᠨ | ᠪᠠᠶᠢᠳᠠᠯ᠄ ᠶᠠᠳᠠᠭᠤ ᠬᠦᠴᠢᠷᠳᠡᠯᠲᠡᠶ ᠬᠥᠮᠦᠨ ᠠᠮᠠ ᠪᠣᠯᠤᠨ ᠥᠷᠭᠡᠨ ᠣᠯᠠᠨ ᠲᠦᠮᠡᠨ ᠤ ᠳᠤᠲᠠᠭᠤ ᠬᠥᠶᠥᠵᠥ | ᠳᠥᠭᠦᠮ ᠥᠵᠡᠭᠦᠯᠬᠦ ᠶᠢᠨ ᠲᠥᠯᠥᠭᠡ᠂ ᠤᠳᠠᠭᠠᠨ ᠴᠢᠨᠠᠷᠲᠠᠶ ᠡᠪᠡᠳᠴᠢᠨ ᠤ ᠬᠠᠷᠠᠭᠠᠯᠵᠠᠯ ᠢ ᠴᠠᠭ ᠲᠤᠬᠠᠶ ᠳᠤᠨᠢ | ᠡᠳ᠋ᠯᠡᠭᠦᠯᠵᠥ᠂ ᠮᠠᠨ ᠤ ᠲᠣᠪᠴᠢᠶ᠎ᠠ ᠨᠢ ᠤᠯᠠᠨ ᠤᠳᠠᠭ᠎ᠠ ᠰᠤᠳᠤᠯᠤᠨ ᠶᠠᠷᠢᠯᠴᠠᠵᠤ᠂ ᠰᠤᠷᠪᠤᠯᠵᠢᠯᠠᠨ ᠪᠠᠶᠢᠴᠠᠭᠠᠨ᠂ | ᠡᠯ᠎ᠡ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠤᠳᠠᠭᠠᠨ ᠴᠢᠨᠠᠷᠲᠠᠶ ᠡᠪᠡᠳᠴᠢᠨ ᠤ ᠰᠢᠯᠭᠠᠨ | ᠲᠣᠭᠲᠠᠭᠠᠯᠲᠠ ᠬᠢᠯᠭᠡᠬᠦ ᠪᠠᠷ ᠮᠡᠳᠡᠭᠦᠯᠦᠭᠰᠡᠨ ᠡᠪᠡᠳᠴᠢᠲᠡᠨ ᠤ ᠮᠠᠲ᠋ᠧᠷᠢᠶᠠᠯ ᠢ ᠴᠤᠭᠯᠠᠭᠤᠯᠬᠤ᠂ ᠠᠩᠬ᠎ᠠ ᠤᠳᠠᠭ᠎ᠠ | ᠬᠢᠨᠠᠨ ᠬᠠᠷᠭᠤᠭᠤᠯᠬᠤ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ ᠶᠢ ᠬᠠᠮᠵᠢᠪᠠ᠃ ᠡᠯ᠎ᠡ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠲᠥᠪᠯᠡᠷᠡᠭᠦᠯᠦᠨ ᠴᠤᠭᠯᠠᠭᠤᠯᠤᠭᠰᠠᠨ ᠤ ᠳᠠᠷᠠᠭ᠎ᠠ ᠮᠠᠨ ᠤ | ᠲᠣᠪᠴᠢᠶ᠎ᠠ ᠳᠤ ᠮᠡᠳᠡᠭᠦᠯᠦᠨ ᠬᠦᠷᠭᠡᠵᠦ ᠲᠥᠪᠯᠡᠷᠡᠭᠦᠯᠦᠨ ᠬᠢᠨᠠᠨ ᠲᠣᠭᠲᠠᠭᠠᠯᠲᠠ ᠬᠢᠯᠭᠡᠪᠡ᠃ ᠣᠲᠣ ᠪᠣᠯᠲᠠᠯ᠎ᠠ᠂ 76 | ᠬᠥᠮᠦᠨ ᠤᠳᠠᠭᠠᠨ ᠴᠢᠨᠠᠷᠲᠠᠶ ᠡᠪᠡᠳᠴᠢᠨ ᠤ ᠰᠢᠯᠭᠠᠨ ᠲᠣᠭᠲᠠᠭᠠᠯᠲᠠ ᠬᠢᠵᠦ᠂ 331 ᠬᠥᠮᠦᠨ ᠡᠳᠦᠷ ᠲᠤᠲᠤᠮ ᠤᠨ | ᠰᠢᠯᠭᠠᠨ ᠲᠣᠭᠲᠠᠭᠠᠯᠲᠠ ᠬᠢᠵᠦ ᠪᠠᠶᠢᠨ᠎ᠠ᠃ | ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠠᠵᠢᠯ᠂ ᠨᠢᠭᠡᠨᠲᠡ | ᠨᠡᠶᠢᠲᠡ 276 ᠬᠥᠮᠦᠨ ᠢ ᠮᠠᠭᠠᠳᠯᠠᠨ ᠲᠣᠭᠲᠠᠭᠠᠵᠤ᠂ ᠡᠭᠦᠨ ᠳᠤ 27 ᠬᠥᠮᠦᠨ ᠨᠢ ᠨᠢᠭᠡᠨᠲᠡ ᠣᠯᠭᠤᠮᠵᠢ | ᠬᠥᠷᠳᠡᠵᠥ᠂ ᠪᠤᠰᠤᠳ 249 ᠬᠥᠮᠦᠨ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ | ᠲᠥᠷᠥ ᠶᠢᠨ ᠪᠣᠳᠣᠯᠭ᠎ᠠ ᠶᠢ ᠡᠳ᠋ᠯᠡᠨ᠎ᠡ᠃ | | ᠬᠤᠶᠠᠷ᠂ ︽ᠬᠤᠶᠠᠷ ᠢ ᠲᠣᠭᠲᠠᠭᠠᠬᠤ︾ ᠡᠮ ᠡᠮᠨᠡᠯᠭᠡ ᠶᠢᠨ ᠪᠠᠶᠢᠭᠤᠯᠤᠮᠵᠢ ᠶᠢ ᠪᠠᠶᠢᠴᠠᠭᠠᠬᠤ ᠠᠵᠢᠯ | 1. ᠡᠳᠦᠷ ᠲᠤᠲᠤᠮ ᠤᠨ ᠲᠤᠯᠭᠠᠨ ᠪᠣᠳᠣᠵᠤ ᠪᠠᠶᠢᠴᠠᠭᠠᠭᠰᠠᠨ ᠪᠠᠶᠢᠳᠠᠯ᠄ ᠡᠮ ᠡᠮᠨᠡᠯᠭᠡ ᠶᠢᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠮ ᠡᠮᠨᠡᠯᠭᠡ ᠶᠢᠨ | ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ᠮᠠᠨ ᠤ ᠲᠣᠪᠴᠢᠶ᠎ᠠ ᠬᠠᠷᠢᠶ᠎ᠠ | ᠣᠷᠣᠨ ᠤ ᠪᠠᠨ 28 ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠪᠠ 36 ᠴᠡᠭ ᠲᠣᠭᠲᠠᠭᠠᠭᠰᠠᠨ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ 28 ᠤᠳᠠᠭ᠎ᠠ ᠡᠳᠦᠷ ᠲᠤᠲᠤᠮ ᠤᠨ ᠬᠢᠨᠠᠯᠲᠠ ᠪᠠᠶᠢᠴᠠᠭᠠᠯᠳᠠ | ᠬᠢᠵᠦ᠂ ᠭᠡᠷ᠎ᠡ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶᠢᠲᠡ 11 ᠢᠯᠡᠷᠡᠭᠦᠯᠪᠡ︔ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ 36 ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠤᠨ ᠦᠢᠯᠡᠴᠢᠯᠡᠭᠡᠨ ᠤ ᠵᠥᠪᠳᠡᠯᠴᠡᠬᠡᠷ ᠢ ᠵᠢᠷᠤᠮᠯᠠᠨ ᠰᠠᠬᠢᠬᠤ ᠡᠮ ᠤᠨ ᠵᠥᠢᠯ ᠪᠠ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠵᠡᠷᠭᠡ ᠲᠥᠷᠥᠯ ᠵᠥᠢᠯ ᠳᠤ ᠴᠢᠭᠯᠡᠭᠦᠯᠦᠨ ᠡᠳᠦᠷ | ᠲᠤᠲᠤᠮ ᠤᠨ ᠪᠠᠶᠢᠴᠠᠭᠠᠯᠲᠠ ᠶᠢᠨ ᠠᠵᠢᠯ ᠥᠷᠨᠢᠭᠦᠯᠵᠦ᠂ ᠨᠡᠶᠢᠲᠡ 19 ᠤᠳᠠᠭ᠎ᠠ ᠬᠠᠷᠭᠤᠭᠤᠯᠤᠨ ᠪᠠᠶᠢᠴᠠᠭᠠᠪᠠ᠃ | ᠡᠯ᠎ᠡ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠴᠥᠮ ᠳᠦᠷᠢᠮᠵᠢᠭᠦᠯᠦᠨ | ᠠᠵᠢᠯᠯᠠᠭᠤᠯᠵᠤ᠂ ᠲᠣᠭᠲᠠᠭᠠᠯ ᠳᠤ ᠨᠡᠶᠢᠴᠡᠭᠦᠯᠦᠨ ᠡᠵᠡᠩᠨᠡᠵᠦ᠂ ᠮᠠᠭᠤ ᠰᠠᠨᠠᠭ᠎ᠠ ᠲᠠᠢ ᠪᠠᠷ ᠦᠨ᠎ᠡ ᠥᠰᠬᠡᠬᠦ᠂ | ᠮᠠᠭᠤ ᠪᠠᠷ ᠰᠠᠶᠢᠨ ᠢ ᠣᠷᠣᠯᠠᠭᠤᠯᠬᠤ ᠵᠡᠷᠭᠡ ᠠᠵᠢᠯᠯᠠᠭ᠎ᠠ ᠣᠷᠣᠰᠢᠬᠤ ᠦᠭᠡᠢ ᠮᠥᠷᠲᠡᠭᠡᠨ ᠡᠵᠡᠩᠨᠡᠯᠲᠡ ᠪᠠᠨ | ᠵᠣᠭᠰᠣᠭᠠᠬᠤ ᠦᠵᠡᠭᠳᠡᠯ ᠭᠠᠷᠤᠭᠰᠠᠨ ᠦᠭᠡᠢ᠃ | 2. ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠴᠦ᠂ ᠰᠠᠭᠤᠷᠢ ᠮᠥᠩᠭᠦᠨ ᠤ ᠠᠮᠤᠷ | ᠲᠦᠪᠰᠢᠨ ᠢ ᠬᠠᠮᠠᠭᠠᠯᠠᠬᠤ︾ ᠲᠥᠪᠯᠡᠷᠡᠩᠭᠦᠶ ᠤᠬᠠᠭᠤᠯᠭ᠎ᠠ ᠶᠢᠨ ᠰᠠᠷ᠎ᠠ ᠶᠢᠨ ᠬᠥᠳᠡᠯᠭᠡᠭᠡᠨ ᠪᠠ ᠡᠮ ᠡᠮᠨᠡᠯᠭᠡ ᠶᠢᠨ | ᠪᠠᠲᠤᠯᠠᠭ᠎ᠠ ᠶᠢᠨ ᠰᠠᠭᠤᠷᠢ ᠮᠥᠩᠭᠦ ᠶᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠦᠨ᠎ᠡ᠃ ᠮ᠊ᠠᠨ ᠤ ᠲᠣᠪᠴᠢᠶ᠎ᠠ 4 | ᠰᠠᠷ᠎ᠠ ᠠᠴᠠ ᠡᠬᠢᠯᠡᠵᠦ᠂ ︽ᠳᠠᠭᠠᠳᠬᠠᠯ ᠢ ᠮᠡᠬᠡᠯᠡᠬᠦ ᠳᠤ ᠴᠣᠬᠢᠯᠲᠠ ᠥᠭᠴᠦ ᠰᠠᠭᠤᠷᠢ ᠮᠥᠩᠭᠦ ᠶᠢᠨ ᠠᠮᠤᠷ | ᠲᠥᠪᠰᠢᠨ ᠢ ᠬᠠᠮᠠᠭᠠᠯᠠᠬᠤ︾ ᠲᠥᠪᠯᠡᠷᠡᠩᠭᠦᠶ ᠤᠬᠠᠭᠤᠯᠭ᠎ᠠ ᠶᠢᠨ ᠰᠠᠷ᠎ᠠ ᠶᠢᠨ ᠬᠥᠳᠡᠯᠭᠡᠭᠡᠨ ᠪᠠ ᠡᠮ ᠡᠮᠨᠡᠯᠭᠡ ᠶᠢᠨ | ᠪᠠᠲᠤᠯᠠᠭ᠎ᠠ ᠶᠢᠨ ᠰᠠᠭᠤᠷᠢ ᠮᠥᠩᠭᠦ ᠶᠢ ᠲᠤᠰᠬᠠᠶᠢᠯᠠᠨ ᠵᠠᠰᠠᠬᠤ ᠠᠵᠢᠯ ︵ᠲᠤᠰᠬᠠᠶᠢᠯᠠᠨ ᠵᠠᠰᠠᠬᠤ ᠠᠵᠢᠯ 9 | ᠰᠠᠷ᠎ᠠ ᠶᠢᠨ ᠬᠤᠭᠤᠴᠠᠭ᠎ᠠ ᠲᠠᠢ︶ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠬᠢᠨᠠᠨ ᠬᠠᠮᠢᠶᠠᠷᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃ ᠡᠮ | ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠵᠤ᠂ ᠡᠮ | ᠡᠮᠨᠡᠯᠭᠡ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠮᠡᠳᠡᠬᠦ | ᠨᠣᠷᠮ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨᠬᠦ | ᠪᠠᠲᠤᠯᠠᠨ᠎ᠠ᠃ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ | ᠠᠷᠠᠳ ᠲᠦᠮᠡᠨ ᠤ ᠡᠪᠡᠳᠴᠢᠨ ᠦᠵᠡᠭᠦᠯᠵᠦ ᠠᠮᠢ ᠠᠪᠤᠷᠠᠬᠤ ︽ᠵᠣᠭᠤᠰᠣᠨ ᠤᠭᠤᠲᠠ︾ ᠶᠢ ᠰᠠᠶᠢᠲᠤᠷ ᠰᠠᠬᠢᠨ᠎ᠠ᠃ | | | ᠭᠤᠷᠪᠠ᠂ ᠡᠮ ᠬᠤᠳᠠᠯᠳᠤᠨ ᠠᠪᠬᠤ ᠠᠵᠢᠯ | 1. ᠡᠮ ᠤᠨ ᠵᠥᠢᠯ ᠢ ᠬᠤᠳᠠᠯᠳᠤᠨ ᠠᠪᠬᠤ ᠶᠢ ᠬᠢᠨᠠᠨ ᠬᠠᠮᠢᠶᠠᠷᠴᠤ ᠪᠠᠶᠢᠭ᠎ᠠ ᠪᠠᠶᠢᠳᠠᠯ᠄ ︽ᠡᠮ ᠤᠨ | ᠵᠥᠢᠯ ᠢ ᠢᠯᠡ ᠪᠠᠷ ᠬᠤᠳᠠᠯᠳᠤᠨ ᠠᠪᠬᠤ︾ ᠡᠨᠡ ᠬᠦ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠡᠮ ᠤᠨ ᠶᠠᠪᠤᠳᠠᠯ ᠤᠨ ᠵᠥᠪᠯᠡᠯ ᠢ | ᠬᠠᠪᠰᠤᠷᠤᠨ 1 ᠤᠳᠠᠭ᠎ᠠ ᠦᠨ᠎ᠡ ᠵᠥᠪᠯᠡᠪᠡ᠃ ᠬᠤᠳᠠᠯᠳᠤᠨ ᠠᠪᠬᠤ ᠬᠡᠪ ᠤᠨ ᠪᠤᠰᠤ ᠪᠠᠶᠢᠳᠠᠯ ᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠵᠤ᠂ 2020 ᠣᠨ 1 ᠰᠠᠷ᠎ᠠ ᠠᠴᠠ 4 ᠰᠠᠷ᠎ᠠ ᠪᠣᠯᠲᠠᠯ᠎ᠠ᠂ ᠬᠤᠰᠢᠭᠤ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠨᠢ ᠰᠦᠯᠵᠢᠶᠡᠨ ᠳᠡᠭᠡᠷ᠎ᠡ 199.71 ᠳᠥᠮᠡᠨ ᠲᠥᠭᠦᠷᠢᠭ ᠤᠨ ᠡᠮ ᠬᠤᠳᠠᠯᠳᠤᠨ | ᠠᠪᠴᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠰᠦᠯᠵᠢᠶᠡᠨ ᠳᠡᠭᠡᠷ᠎ᠡ ᠬᠤᠳᠠᠯᠳᠤᠨ ᠠᠪᠴᠤ | ᠬᠥᠮᠥᠷᠭᠡ ᠳᠤ ᠣᠷᠣᠭᠤᠯᠤᠭᠰᠠᠨ 115.89 ᠲᠦᠮᠡᠨ ᠲᠥᠭᠦᠷᠢᠭ ᠤᠨ ᠡᠮ ᠪᠤᠯᠤᠨ᠎ᠠ᠃ ᠡᠭᠦᠨ ᠤ ᠬᠠᠮᠲᠤ᠂ | ᠬᠤᠲᠠ ᠶᠢᠨ ᠡᠮ ᠤᠨ ᠮᠠᠲ᠋ᠧᠷᠢᠶᠠᠯ ᠴᠤᠭᠯᠠᠭᠤᠯᠬᠤ ᠲᠥᠪ ᠤᠨ ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ ︽4 + | 7︾ ᠶᠢᠨ ᠲᠥᠪᠯᠡᠷᠡᠭᠦᠯᠦᠨ ᠴᠤᠭᠯᠠᠭᠤᠯᠬᠤ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠪᠠ᠃ | 2. ᠡᠮ ᠤᠨ ᠵᠥᠢᠯ ᠢ ᠳᠠᠩᠰᠠᠯᠠᠵᠤ ᠬᠤᠳᠠᠯᠳᠤᠨ ᠠᠪᠤᠭᠰᠠᠨ ᠪᠠᠶᠢᠳᠠᠯ᠄ ᠣᠳᠣᠬᠠᠨ ᠪᠣᠯᠲᠠᠯ᠎ᠠ᠂ᠡᠮ ᠤᠨ | ᠮᠠᠲ᠋ᠧᠷᠢᠶᠠᠯ ᠴᠤᠭᠯᠠᠭᠤᠯᠬᠤ ᠲᠥᠪ ᠨᠢ ᠡᠮ ᠡᠮᠨᠡᠯᠭᠡ ᠶᠢᠨ ᠪᠠᠶᠢᠭᠤᠯᠤᠮᠵᠢ ᠶᠢᠨ 1 ᠲᠥᠷᠥᠯ ᠵᠦᠢᠯ ᠢ ᠳᠠᠩᠰᠠᠯᠠᠭᠤᠯᠤᠨ | ᠬᠤᠳᠠᠯᠳᠤᠨ ᠠᠪᠬᠤ ᠳᠦᠷᠢᠮ ᠢ ᠬᠦᠯᠢᠶᠡᠨ ᠠᠪᠴᠤ᠂ ᠳᠠᠩᠰᠠᠯᠠᠵᠤ ᠬᠤᠳᠠᠯᠳᠤᠨ ᠠᠪᠬᠤ ᠠᠵᠢᠯ ᠤᠨ ᠱᠠᠭᠠᠷᠳᠠᠯᠭ᠎ᠠ᠂ | ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠳᠠᠩᠰᠠᠯᠠᠭᠤᠯᠵᠤ ᠬᠤᠳᠠᠯᠳᠤᠨ ᠠᠪᠬᠤ ᠶᠢ ᠬᠡᠷᠡᠭᠵᠢᠭᠦᠯᠬᠦ ᠶᠢᠨ ᠬᠠᠮᠲᠤ | ᠳᠠᠩᠰᠠᠯᠠᠵᠤ ᠬᠤᠳᠠᠯᠳᠤᠨ ᠠᠪᠬᠤ ᠡᠮ ᠡᠮᠨᠡᠯᠭᠡ ᠶᠢᠨ ᠪᠠᠶᠢᠭᠤᠯᠤᠮᠵᠢ ᠳᠤ ᠳᠠᠩᠰᠠᠯᠠᠵᠤ ᠬᠤᠳᠠᠯᠳᠤᠨ ᠠᠪᠬᠤ | ᠮᠡᠷᠭᠡᠵᠢᠯ ᠤᠨ ᠵᠢᠯᠣᠭᠤᠳᠤᠯᠭ᠎ᠠ ᠬᠠᠩᠭᠠᠵᠠᠢ᠃ | 3. ︽ᠬᠤᠶᠠᠷ ᠢ ᠲᠣᠭᠲᠠᠭᠠᠬᠤ︾ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠪᠠᠷᠢᠮᠵᠢᠶᠠᠲᠤ ᠡᠮ ᠤᠨ ᠵᠥᠢᠯ ᠢ ᠬᠤᠳᠠᠯᠳᠤᠨ ᠠᠪᠤᠭᠰᠠᠨ ᠪᠠᠶᠢᠳᠠᠯ᠄ ᠨᠢᠭᠡᠳᠦᠭᠡᠷ ᠤᠯᠠᠷᠢᠯ ᠳᠤ᠂ | 36 ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠤᠨ ᠵᠥᠢᠯ ᠤᠨ ᠬᠤᠳᠠᠯᠳᠤᠨ | ᠠᠪᠬᠤ ᠦᠨ᠎ᠡ ᠬᠠᠩᠰᠢ ᠶᠢ ᠬᠢᠨᠠᠨ ᠰᠢᠯᠭᠠᠵᠥ᠂ ᠨᠡᠶᠢᠲᠡ 18565 ᠵᠥᠢᠯ ᠤᠨ ᠡᠮ ᠢ ᠬᠢᠨᠠᠨ ᠰᠢᠯᠭᠠᠵᠤ᠂ 9 | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠪᠦᠲᠦᠮᠵᠢᠲᠡᠢ ᠬᠢᠨᠠᠨ ᠬᠠᠷᠭᠤᠭᠤᠯᠵᠤ᠂ 96 ᠵᠦᠢᠯ ᠤᠨ ᠡᠮ ᠢ | ᠬᠢᠨᠠᠨ ᠬᠠᠷᠭᠤᠭᠤᠯᠪᠠ᠃ 23 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ | ᠳᠠᠭᠠᠳᠬᠠᠯ ᠤᠨ ᠲᠣᠭᠠᠴᠠᠭ᠎ᠠ ᠬᠢᠬᠦ ᠪᠠᠷ ᠢᠮᠵᠢᠶᠠᠲᠤ ᠡᠮ ᠤᠨ ᠵᠥᠢᠯ ᠤᠨ 3 ᠵᠥᠢᠯ ᠤᠨ ᠲᠦᠷᠢᠮ ᠲᠣᠭᠲᠠᠭᠠᠯ ᠳᠤ | ᠬᠢᠨᠠᠨ ᠬᠡᠮᠵᠢᠯᠲᠡ ᠬᠢᠪᠠ᠃ | | ᠬᠥᠲᠥᠯᠥᠭᠴᠢ᠄ | ᠲᠠᠷᠠᠭᠠᠴᠢ ᠶᠢᠨ ᠠᠯᠬᠤᠮ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠶᠠᠭᠤ ᠪᠣᠢ︖ | | ᠰᠤᠷᠪᠤᠯᠵᠢᠯᠠᠭᠰᠠᠨ ᠵᠣᠴᠢᠨ᠄ | ᠳᠠᠷᠠᠭ᠎ᠠ ᠠᠯᠬᠤᠮ ᠳᠤ᠂ ᠮᠠᠨ ᠤ ᠲᠣᠪᠴᠢᠶ᠎ᠠ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠶ᠎ᠠ ᠣᠷᠣᠨ ᠤ ᠳᠣᠲᠣᠷᠠᠬᠢ 28 ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠪᠠ 36 ᠲᠣᠭᠲᠠᠭᠰᠠᠨ ᠴᠢᠭ ᠲᠠᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ | ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠬᠢᠨᠠᠨ ᠬᠠᠮᠢᠶᠠᠷᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ | ᠠᠵᠢᠯ ᠢ ᠰᠠᠶᠢᠲᠤᠷ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠮᠡᠳᠡᠬᠦ ᠨᠣᠷᠮ᠎ᠠ ᠶᠢ ᠦᠨᠡᠨᠬᠦ ᠳᠡᠭᠡᠭᠰᠢᠯᠡᠭᠦᠯᠥᠨ᠎ᠡ᠃ ᠡᠭᠦᠨ ᠤ ᠳᠤ ᠬᠠᠮᠲᠤ ᠡᠯ᠎ᠡ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠬᠤᠳᠠᠯᠳᠤᠨ ᠠᠪᠬᠤ ᠶᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠨ ᠠᠪᠤᠭᠰᠠᠨ ᠬᠡᠮᠵᠢᠶ᠎ᠡ ᠨᠢ ᠶᠡᠭᠡ᠂ ᠬᠤᠳᠠᠯᠳᠤᠨ ᠠᠪᠤᠭᠰᠠᠨ | ᠵᠣᠭᠤᠰ ᠤᠨ ᠲᠤᠭ᠎ᠠ ᠶᠢᠨ ᠡᠵᠡᠯᠡᠬᠦ ᠬᠠᠷᠢᠴᠠᠯ ᠨᠢ ᠥᠨᠳᠥᠷ ᠵᠢᠴᠢ ᠠᠳᠠᠯᠢ ᠲᠥᠷᠥᠯ ᠤᠨ ᠦᠨ᠎ᠡ ᠨᠢ ᠥᠨᠳᠥᠷ | ᠦᠢᠯᠡᠳᠭᠦᠨ ᠢ ᠶᠡᠭᠡ ᠬᠡᠮᠵᠢᠶ᠎ᠡ ᠪᠠᠷ ᠬᠤᠳᠠᠯᠳᠤᠨ ᠠᠪᠤᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ | ᠭᠤᠤᠯᠳᠠᠯᠭ᠎ᠠ ᠲᠠᠢ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠪᠠᠶᠢᠴᠠᠭᠠᠬᠤ ᠶᠢ ᠬᠡᠷᠡᠭᠵᠢᠭᠦᠯᠦᠨ᠎ᠡ︔ | ︽ᠬᠤᠶᠠᠷ ᠢ ᠲᠣᠭᠲᠠᠭᠠᠬᠤ︾ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠥᠭᠬᠦ | ᠪᠠᠷᠢᠮᠵᠢᠶ᠎ᠠ ᠂ ᠡᠮ ᠤᠨ ᠵᠦᠢᠯ ᠤᠨ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠪᠣᠯᠤᠨ ᠡᠮ ᠡᠮᠨᠡᠯᠭᠡ ᠶᠢᠨ | ᠳᠠᠭᠠᠳᠬᠠᠯ ᠤᠨ ᠪᠡᠯᠡ ᠮᠥᠩᠭᠦ ᠶᠢᠨ ᠥᠭᠬᠦ ᠬᠤᠪᠢᠷᠠᠯᠲᠠ ᠶᠢᠨ ᠪᠠᠶᠢᠳᠠᠯ ᠳᠤ ᠬᠢᠨᠠᠨ ᠰᠢᠯᠭᠠᠵᠤ ᠵᠠᠳᠠᠯᠤᠯᠲᠠ ᠬᠢᠬᠦ | ᠪᠠ ᠮᠡᠳᠡᠭᠦᠯᠬᠦ ᠠᠵᠢᠯ ᠢ ᠰᠠᠶᠢᠲᠤᠷ ᠬᠢᠨ᠎ᠡ᠃ |