| 6 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠰᠢᠭᠤᠨ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ 116 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ | ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2020 | ᠣᠨ ᠤ ᠨᠢᠭᠡᠳᠥᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ | ᠠᠵᠢᠯ ᠤᠨ ᠳᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠣᠬᠢᠶᠠᠯ ︽ᠢᠷᠭᠡᠨ ᠤ ᠬᠠᠤᠯᠢ ᠶᠢ ᠨᠡᠶᠢᠲᠡᠯᠡᠨ ᠬᠡᠷᠡᠭᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ | ᠲᠠᠨᠢᠵᠤ᠂ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠨᠡᠩ ᠰᠠᠶᠢᠲᠤᠷ ᠪᠠᠲᠤᠯᠠᠶ᠎ᠠ︾ | ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠠᠹᠷᠢᠺᠠ ᠶᠢᠨ ᠪᠦᠯᠬᠦᠮᠳᠡᠨ ᠬᠢᠵᠢᠭ ᠡᠰᠡᠷᠭᠦᠴᠡᠬᠦ ᠣᠨᠴᠠᠭᠠᠢ | ᠲᠦᠷᠦᠭᠦᠴᠦᠳ ᠤᠨ ᠬᠤᠷᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ | ᠬᠤᠣᠷ ᠴᠠᠭᠠᠵᠠᠯᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠥ᠂ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠥᠷᠢᠯᠡᠬᠦ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠰᠤᠳᠤᠯᠤᠨ ᠨᠠᠶᠢᠳᠠᠪᠥᠷᠢᠵᠢᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ᠂ ᠶᠠᠷᠢᠶᠠᠨ ᠤ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠵᠥ᠂ ᠲᠥᠪ ᠤᠨ ᠡᠯ᠎ᠡ ᠵᠦᠢᠯ ᠤᠨ ᠰᠢᠢᠳᠪᠥᠷᠢᠳᠥ ᠪᠣᠳᠣᠯᠭ᠎ᠠ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠡᠵᠡᠮᠰᠢᠵᠥ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠦᠬᠦ | ᠬᠤᠰᠢᠭᠤᠨ ᠤ ᠡᠯ᠎ᠡ ᠲᠥᠷᠥᠯ ᠤᠨ ᠠᠵᠢᠯ ᠢ ᠪᠣᠳᠠᠲᠠᠢ ᠨᠠᠶᠢᠳᠠᠪᠥᠷᠢᠵᠢᠭᠤᠯᠬᠤ ᠶᠢ ᠠᠬᠢᠭᠤᠯᠤᠨ᠎ᠠ᠃ ᠦᠶᠡᠷ ᠢ | ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ ᠠᠵᠢᠯ ᠢ ᠳᠡᠭᠡᠳᠥ ᠬᠡᠮᠵᠢᠶ᠎ᠡ ᠪᠠᠷ ᠴᠢᠬᠤᠯᠠᠴᠢᠯᠠᠵᠤ᠂ ᠠᠶᠤᠯ | ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠴᠢᠮ ᠪᠠᠶᠢᠳᠠᠯ ᠢ | ᠠᠷᠭᠠᠴᠠᠬᠤ ᠬᠦᠴᠦᠨ ᠢ ᠲᠣᠬᠢᠷᠠᠭᠤᠯᠬᠤ ᠪᠠ ᠡᠳ᠋ ᠪᠣᠳᠠᠰ ᠨᠥᠭᠡᠴᠡᠯᠡᠬᠦ ᠶᠢ ᠴᠢᠩᠭᠠᠳᠬᠠᠵᠤ᠂ ᠪᠡᠯᠡᠳᠬᠡᠯ ᠠᠵᠢᠯ ᠢ | ᠤᠷᠢᠳᠴᠢᠯᠠᠨ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠲᠡᠷᠢᠭᠦᠨ | ᠪᠠᠶᠢᠷᠢᠨ ᠳᠤ ᠲᠠᠯᠪᠢᠵᠤ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠤᠨ᠎ᠠ᠃ ᠢᠷᠭᠡᠨ ᠤ ᠬᠠᠤᠯᠢ ᠶᠢᠨ ᠪᠢᠴᠢᠭ ᠤᠨ | ᠬᠡᠷᠡᠭᠵᠢᠭᠦᠯᠦᠯᠲᠡ ᠶᠢ ᠦᠨᠡᠨ ᠬᠦ ᠠᠬᠢᠭᠤᠯᠵᠤ᠂ ᠢᠷᠭᠡᠨ ᠤ ᠬᠠᠤᠯᠢ ᠶᠢᠨ ᠪᠢᠴᠢᠭ ᠢ ᠵᠠᠰᠠᠭ ᠵᠠᠬᠢᠷᠭᠠᠨ ᠤ | ᠰᠢᠢᠳᠪᠥᠷᠢᠳᠥ ᠪᠤᠳᠤᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ ᠶᠢᠨ | ᠴᠢᠬᠤᠯᠠ ᠬᠡᠮᠵᠢᠭᠦᠷ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠤᠤᠷ ᠴᠠᠭᠠᠵᠠᠯᠠᠬᠤ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠶ᠂ ᠲᠤᠰᠬᠠᠶ | ᠮᠡᠷᠭᠡᠵᠢᠯᠲᠡᠨ ᠪᠠ ᠣᠯᠠᠨ ᠲᠦᠮᠡᠨ ᠢ ᠤᠶᠠᠯᠳᠤᠭᠤᠯᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠵᠠᠰᠠᠬᠤ ᠶᠢ ᠪᠠᠷᠢᠮᠲᠠᠯᠠᠵᠤ᠂ ᠬᠤᠤᠷᠲᠤ ᠡᠳ᠋ ᠢ ᠴᠠᠭᠠᠵᠠᠯᠠᠬᠤ ᠠᠵᠢᠯ ᠤᠨ ᠲᠠᠰᠤᠷᠠᠯᠲᠠ ᠥᠬᠡᠶ ᠰᠢᠨ᠎ᠡ ᠦᠷ᠎ᠡ | ᠪᠦᠲᠦᠮᠵᠢ ᠤᠯᠬᠤ ᠶᠢ ᠠᠬᠢᠭᠤᠯᠤᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠬᠤ ᠪᠣᠯ ᠡᠨᠡ ᠵᠢᠯ ᠤᠨ ᠡᠷᠬᠡᠪᠰᠢ ᠪᠡᠶᠡᠯᠡᠭᠦᠯᠬᠦ ᠬᠠᠲᠠᠭᠤ ᠡᠭᠦᠷᠭᠡ ᠮᠥᠨ᠂ ᠡᠯ᠎ᠡ | ᠱᠠᠳᠤ ᠡᠯ᠎ᠡ ᠰᠠᠯᠠᠭ᠎ᠠ ᠮᠥᠴᠢᠷ ᠤᠨ ᠬᠢᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠯᠤᠰ | ᠳᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠰᠡᠭᠦᠯ ᠬᠤᠷᠢᠶᠠᠬᠤ ᠱᠠᠲᠤᠨ ᠤ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠭᠦᠨᠵᠡᠭᠡᠶ ᠪᠥᠭᠡᠳ ᠨᠠᠷᠢᠯᠢᠭ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠃ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠪᠠᠨ | ᠨᠢᠭᠡᠳᠬᠡᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠴᠢᠨᠠᠭᠰᠢᠳᠠ ᠪᠠᠲᠤᠳᠬᠠᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠣᠷᠭᠠᠨᠢᠭ ᠢᠶᠠᠷ ᠵᠣᠯᠭᠠᠭᠤᠯᠬᠤ ᠶᠢ | ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ | ᠲᠠᠯᠪᠢᠬᠤ ᠬᠡᠷᠡᠭᠲᠡᠶ᠃ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠥᠷᠢᠨᠰᠢᠯᠡᠬᠦᠯᠵᠥ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠥᠷᠭᠡᠳᠬᠡᠨ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ︽ᠰᠢᠯᠭᠠᠯᠲᠠ ᠶᠢᠨ ᠬᠠᠭᠤᠳᠠᠰᠤ︾ ᠶᠢ ᠴᠢᠨᠠᠷ ᠰᠠᠶᠢᠲᠠᠶ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤ ᠳᠠᠶᠠᠭᠠᠷ ᠰᠢᠨ᠎ᠡ ᠴᠠᠭ ᠦᠶ᠎ᠡ ᠶᠢᠨ ᠢᠨᠲ᠋ᠤᠷ | ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠰᠠᠶᠢᠳᠥᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ | ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠳᠠ ᠶᠢᠨ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ | ᠨᠠᠷᠢᠯᠢᠭ ᠬᠢᠬᠦ ᠬᠡᠷᠡᠭᠲᠡᠶ᠃ ᠰᠦᠯᠵᠢᠶᠡᠨ ᠤ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ | ᠰᠦᠯᠵᠢᠶᠡᠨ ᠳᠡᠭᠡᠷ᠎ᠡ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ︽ᠢᠨᠲ᠋ᠤᠷ ᠰᠦᠯᠵᠢᠶ᠎ᠡ | +︾ ᠠᠵᠤ ᠦᠢᠯᠡᠰ ᠤᠨ ᠰᠢᠨ᠎ᠡ ᠵᠠᠭᠪᠤᠷ ᠢ ᠬᠥᠭᠵᠢᠭᠦᠯᠵᠦ᠂ ᠤᠯᠠᠮᠵᠢᠯᠠᠯᠲᠤ ᠠᠵᠤ ᠦᠶ᠋ᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠳᠠᠶᠢᠴᠢᠯᠠᠬᠤ ᠬᠡᠷᠡᠭᠲᠡᠶ᠃ ᠥᠪᠡᠷ ᠤᠨ ᠵᠠᠭᠤᠴᠢᠯᠠᠭᠤᠷ ᠤᠨ ᠲᠠᠪᠴᠠᠩ ᠢ | ᠭᠥᠢᠴᠡᠳ ᠠᠰᠢᠭᠯᠠᠨ᠂ ᠤᠯᠠᠮᠵᠢᠯᠠᠨ ᠲᠠᠷᠬᠠᠭᠠᠬᠤ ᠠᠭᠤᠯᠭ᠎ᠠ ᠶᠢᠨ ᠡᠯᠪᠡᠭ ᠪᠠᠶᠠᠯᠢᠭ ᠴᠢᠨᠠᠷ ᠢ ᠨᠡᠮᠡᠭᠳᠡᠭᠦᠯᠵᠦ᠂ ᠣᠯᠠᠨ | ᠲᠦᠮᠡᠨ ᠤ ᠬᠡᠷᠡᠭᠴᠡᠭᠡ ᠪᠦᠬᠦᠢ ᠮᠡᠳᠡᠭᠡ ᠵᠠᠩᠭᠢ ᠶᠢ ᠪᠦᠬᠦ ᠲᠠᠯ᠎ᠠ ᠪᠠᠷ ᠬᠠᠩᠭᠠᠵᠤ᠂ ᠤᠯᠠᠮᠵᠢᠯᠠᠨ ᠲᠠᠷᠬᠠᠭᠠᠬᠤ ᠬᠡᠷᠡᠭᠲᠡᠶ | ᠃ ᠡᠯ᠎ᠡ ᠪᠦᠷᠢᠯᠳᠦᠬᠦᠨ ᠨᠢᠭᠡᠴᠡ ᠨᠦᠭᠦᠳ ᠨᠢᠭᠲᠠ ᠬᠠᠮᠵᠢᠯᠴᠠᠵᠤ᠂ ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠢ | ᠴᠢᠩᠭᠠᠳᠬᠠᠵᠥ᠂ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ | ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ 2020 ᠣᠨ ᠤ ᠠᠵᠢᠯ ᠤᠨ ᠭᠤᠤᠯᠳᠠᠯᠭ᠎ᠠ︾ ︽ᠪᠤᠭᠤᠲᠤ ᠬᠤᠲᠠ ᠶᠢᠨ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠨ | ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | |