ᠮᠤᠩᠭᠤᠯ ᠭᠡᠷ ᠲᠠᠬᠢ ᠨᠠᠮ ᠤᠨ ᠰᠤᠷᠤᠯᠴᠠᠯᠠᠭ᠎ᠠ
ᠨᠡᠶᠢᠲᠡᠯᠡᠭᠰᠡᠨ ᠴᠠᠭ᠄
2020-07-01
   
     ᠣᠶᠢᠷ᠎ᠠ ᠳᠤ ᠪᠠᠶᠠᠨᠬᠠᠣᠸᠠ ᠪᠠᠯᠭᠠᠰᠤᠨ ᠤ ᠵᠢᠪᠬᠤᠯᠠᠩᠳᠥ ᠭᠠᠴᠠᠭ᠎ᠠ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠵᠥ᠂ ᠭᠠᠴᠠᠭᠠᠨ ᠤ ᠨᠠᠮ ᠤᠨ ᠭᠡᠰᠢᠭᠦᠨ ᠤ ᠭᠤᠤᠯ ᠡᠷᠥᠭᠡ ᠶᠢᠨ ᠮᠤᠩᠭᠤᠯ ᠭᠡᠷ ᠲᠤ ᠶᠠᠷᠥᠩᠭᠡᠢ ᠱᠥᠵᠢ ᠰᠢ  ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ ᠳᠠᠬᠢ ᠥᠪᠥᠷ ᠮᠤᠩᠭᠤᠯ ᠤᠨ ᠳᠥᠯᠥᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠭᠰᠠᠨ ᠪᠠ ︽ᠤᠮᠠᠷᠠᠳᠥ ᠬᠢᠯᠢ ᠶᠢᠨ ᠵᠢᠱᠢᠶᠡᠴᠢ︾ ᠠᠳᠢᠶ᠎ᠠ ᠶᠢᠨ ᠳᠡᠷᠢᠭᠦᠨ ᠤ ᠦᠢᠯᠡ ᠠᠵᠢᠯᠯᠠᠭ᠎ᠠ ᠪᠠᠷ ᠦᠯᠢᠭᠡᠷ ᠳᠠᠭᠤᠷᠢᠶᠠᠯ ᠪᠤᠯᠭᠠᠬᠤ ᠬᠥᠳᠡᠯᠭᠡᠭᠡᠨ ᠶᠠᠪᠤᠭᠳᠠᠭᠤᠯᠪᠠ᠃
     ᠬᠥᠳᠡᠯᠭᠡᠭᠡᠨ ᠳᠤ ᠶᠠᠷᠥᠩᠭᠡᠢ ᠱᠥᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ ᠳᠠᠬᠢ ᠥᠪᠥᠷ ᠮᠤᠩᠭᠤᠯ ᠤᠨ ᠳᠥᠯᠥᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠳᠠᠬᠢ ᠠᠷᠠᠳ ᠳᠥᠮᠡᠨ ᠳᠤ ᠳᠥᠰᠢᠭᠯᠡᠬᠦ᠂ ᠠᠷᠠᠳ ᠳᠥᠮᠡᠨ ᠳᠤ ᠳᠠᠰᠤᠷᠠᠯᠳᠠ ᠦᠭᠡᠢ ᠪᠤᠶᠠᠨ ᠦᠢᠯᠡᠳᠬᠦ ᠪᠠ ᠠᠮᠢ ᠠᠬᠤᠢ ᠶᠢ ᠤᠷᠢᠳᠠᠪᠠᠷ ᠪᠤᠳᠥᠯᠬᠢᠯᠠᠨ᠂ ᠪᠣᠬᠢᠷᠳᠠᠯ ᠦᠭᠡᠢ ᠬᠥᠭᠵᠢᠭᠦᠯᠬᠦ ᠤᠳᠤᠷᠢᠳᠤᠮᠵᠢ ᠶᠢᠨ ᠳᠤᠭᠤᠷᠢᠨ ᠳᠤ ᠰᠤᠷᠤᠯᠴᠠᠪᠠ᠃ ᠪᠠᠰᠠ ᠡᠮᠥᠨᠡᠬᠡᠨ ᠬᠥᠭᠡᠬᠤᠳᠠ ᠳᠤ ᠶᠠᠪᠤᠭᠳᠠᠭᠰᠠᠨ ᠤᠮᠠᠷᠠᠳᠥ ᠬᠢᠯᠢ ᠶᠢᠨ ᠵᠢᠱᠢᠶᠠᠴᠢ ᠶᠢᠨ ᠳᠡᠷᠢᠭᠦᠨ ᠤ ᠦᠢᠯᠡ ᠠᠵᠢᠯᠯᠠᠭ᠎ᠠ  ᠶᠢ ᠨᠡᠶᠢᠳᠡᠯᠡᠬᠦ ᠬᠤᠷᠠᠯ ᠳᠡᠭᠡᠷ᠎ᠡ ︽ᠤᠮᠠᠷᠠᠳᠥ ᠬᠢᠯᠢ ᠶᠢᠨ ᠵᠢᠱᠢᠶᠡᠴᠢ︾ ᠶᠢᠨ ᠴᠤᠯᠠ ᠬᠥᠷᠳᠡᠭᠰᠡᠨ ᠠᠳᠢᠶ᠎ᠠ ᠶᠢᠨ᠄ ︽ᠬᠢᠯᠢ ᠬᠢᠵᠠᠭᠠᠷ ᠣᠷᠣᠨ ᠢᠶᠠᠨ ᠰᠠᠬᠢᠬᠤ ᠪᠤᠯ ᠮᠠᠨ ᠤ ᠪᠥᠬᠦᠶᠢᠯᠡ ᠬᠢᠯᠢ ᠶᠢᠨ ᠮᠠᠯᠴᠢᠳ ᠤᠨ ᠳᠠᠷᠬᠠᠨ ᠬᠠᠷᠢᠭᠤᠴᠠᠯᠭ᠎ᠠ ᠂ ᠮᠢᠨᠤ ᠡᠨᠡᠬᠦ ᠢᠷᠠᠭᠤ ᠠᠯᠳᠠᠷ ᠨᠢ ᠮᠥᠨ ᠴᠦ ᠪᠢᠳᠡᠨ ᠤ ᠬᠠᠮᠳᠥ ᠶᠢᠨ ᠢᠷᠠᠭᠤ ᠠᠯᠳᠠᠷ ᠪᠤᠯᠤᠨ᠎ᠠ᠃ ᠬᠤᠶᠢᠰᠢᠳᠠ ᠪᠢᠳᠡ ᠦᠷᠭᠦᠯᠵᠢᠯᠡᠨ ᠬᠢᠯᠢ ᠬᠢᠵᠠᠭᠠᠷ ᠣᠷᠣᠨ ᠢᠶᠠᠨ ᠰᠠᠬᠢᠨ ᠬᠠᠮᠠᠭᠠᠯᠠᠵᠤ᠂ ᠨᠤᠳᠤᠭ ᠤᠰᠤ ᠪᠠᠨ ᠳᠡᠭᠡᠳᠥᠯᠡᠵᠥ ᠶᠠᠪᠤᠶ᠎ᠠ︾ ᠭᠡᠰᠡᠨ ᠰᠡᠳᠬᠢᠯ ᠤᠨ ᠦᠭᠡ ᠨᠢ ᠨᠠᠮ ᠤᠨ ᠭᠡᠰᠢᠭᠦᠳ ᠮᠠᠯᠴᠢᠨ ᠳᠥᠮᠡᠨ ᠢ ᠵᠣᠷᠢᠭᠵᠢᠭᠤᠯᠤᠭᠰᠠᠨ ᠶᠤᠮ᠃
     ᠬᠥᠳᠡᠯᠭᠡᠭᠡᠨ ᠤ ᠡᠴᠥᠰ ᠲᠤ᠂ ᠪᠥᠬᠦ ᠨᠠᠮ ᠤᠨ ᠭᠡᠰᠢᠭᠦᠳ ︽ᠨᠤᠳᠤᠭ ᠤᠰᠤ ᠪᠠᠨ ᠰᠠᠬᠢᠨ ᠬᠠᠮᠠᠭᠠᠯᠠᠬᠤ ᠡᠭᠦᠷᠭᠡ ᠶᠢ ᠡᠭᠦᠷᠭᠡᠯᠡᠵᠥ᠂ ᠨᠠᠮ ᠤᠨ ᠭᠡᠰᠢᠭᠦᠨ ᠤ ᠬᠠᠷᠢᠭᠤᠴᠠᠯᠭ᠎ᠠ ᠪᠠᠨ ᠭᠥᠢᠴᠡᠳᠬᠡᠶ᠎ᠡ︾ ᠭᠡᠬᠦ ᠭᠥᠨᠳᠡᠯᠡᠨ ᠪᠢᠴᠢᠭᠡᠰᠥ ᠳᠡᠭᠡᠷ᠎ᠡ ᠭᠠᠷ ᠤᠨ ᠦᠰᠦᠭ ᠵᠢᠷᠤᠵᠥ᠂ ᠦᠨᠡᠨᠬᠦ ᠡᠬᠡ ᠤᠯᠤᠰ ᠢᠶᠠᠨ ᠬᠠᠶᠢᠷᠠᠯᠠᠬᠤ᠂ ᠡᠬᠡ ᠣᠷᠣᠨ ᠢᠶᠠᠨ ᠬᠠᠮᠠᠭᠠᠯᠠᠬᠤ ᠨᠠᠮ ᠤᠨ ᠭᠡᠰᠢᠭᠦᠨ ᠤ ᠬᠠᠷᠢᠭᠤᠴᠠᠯᠭᠠᠳᠥ ᠣᠪᠣᠷ ᠢᠶᠠᠨ ᠢᠯᠡᠷᠬᠡᠶᠢᠯᠡᠭᠰᠡᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号