ᠯᠢᠦ ᠬᠠᠢ ᠴᠢᠤᠸᠠᠨ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠲᠠ ᠶᠢᠨ ᠲᠥᠯᠥᠪᠵᠢᠭᠦᠯᠭᠡ ᠶᠢᠨ ᠵᠥᠪᠯᠡᠯ ᠤᠨ 2020 ᠣᠨ ᠤ ᠨᠢᠭᠡᠳᠥᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-10
     7 ᠰᠠᠷ᠎ᠠ ᠶᠢᠨ 7 ᠤ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠬᠤᠲᠠ ᠶᠢᠨ ᠲᠥᠯᠥᠪᠵᠢᠭᠦᠯᠭᠡ ᠶᠢᠨ ᠡᠷᠬᠢᠯᠡᠭᠴᠢ ᠯᠢᠦ ᠬᠠᠶ ᠴᠢᠤᠸᠠᠨ ᠳᠠᠷᠬᠠᠨ ᠮᠤᠤᠮᠢᠩᠭᠠᠨ ᠬᠤᠰᠢᠭᠤᠨ ᠤ ᠬᠤᠲᠠ ᠶᠢᠨ ᠲᠥᠯᠥᠪᠵᠢᠭᠦᠯᠭᠡ ᠶᠢᠨ ᠵᠥᠪᠯᠡᠯ ᠤᠨ 2020 ᠣᠨ ᠤ ᠨᠢᠭᠡᠳᠥᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠴᠢ ᠣᠷᠣᠨ ᠲᠤᠭ᠎ᠠ ᠶᠢᠨ ᠨᠢᠭᠡᠴᠡ ᠶᠢᠨ ᠪᠠᠲᠤᠬᠠᠭᠠᠯᠭ᠎ᠠ ᠪᠠᠯᠭᠠᠰᠤᠨ ᠤ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢᠨ ᠬᠡᠰᠡᠭ ᠲᠠᠯ᠎ᠠ ᠶᠢᠨ ᠵᠠᠰᠠᠪᠤᠷᠢ ᠣᠷᠣᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠤᠰᠴᠤ᠂ ︽︿ᠳᠠᠷᠬᠠᠨ ᠮᠤᠤᠮᠢᠩᠭᠠᠨ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ﹀ ᠶᠢᠨ ᠬᠡᠰᠡᠭ ᠭᠠᠵᠠᠷ ᠤᠨ ᠬᠡᠰᠡᠭ ᠲᠤ ᠵᠠᠰᠠᠪᠤᠷᠢ ᠣᠷᠣᠭᠤᠯᠬᠤ ᠲᠤᠬᠠᠢ ᠲᠤᠰᠬᠠᠢ ᠰᠡᠳᠦᠪᠲᠦ ᠮᠡᠳᠡᠭᠦᠯᠦᠯᠲᠡ︾ ᠶᠢ ᠰᠤᠳᠤᠯᠤᠨ ᠪᠠᠲᠤᠯᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠲᠥᠯᠥᠪᠵᠢᠭᠦᠯᠭᠡ ᠨᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠃ ︽ᠲᠥᠯᠥᠪᠵᠢᠭᠦᠯᠪᠡ ᠪᠣᠯ ᠳᠠᠷᠤᠶ ᠬᠠᠤᠯᠢ ᠴᠠᠭᠠᠵᠠ︾ ᠪᠤᠯᠬᠤ ᠦᠵᠡᠯ ᠤᠬᠠᠮᠰᠠᠷ ᠢ ᠪᠤᠢ ᠪᠣᠯᠭᠠᠵᠤ᠂ ᠲᠥᠯᠥᠪᠵᠢᠭᠦᠯᠭᠡ ᠶᠢ ᠤᠷᠢᠳᠠᠪᠠᠷ ᠬᠢᠬᠦ ᠶᠢ ᠪᠠᠷᠢᠮᠲᠠᠯᠠᠵᠤ᠂ ᠡᠯ᠎ᠡ ᠲᠥᠷᠥᠯ ᠤᠨ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠵᠢᠷᠤᠮᠵᠢᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠳᠠᠬᠢ ᠲᠥᠯᠥᠪᠵᠢᠭᠦᠯᠭᠡ ᠶᠢᠨ ᠵᠢᠯᠣᠭᠤᠳᠬᠤ ᠦᠢᠯᠡᠳᠥᠯ ᠢ ᠭᠥᠢᠴᠡᠳ ᠪᠠᠳᠠᠷᠠᠭᠤᠯᠬᠤ ᠬᠡᠷᠡᠭᠲᠡᠶ᠃
     ᠬᠤᠷᠠᠯ ᠠᠴᠠ ᠴᠢᠬᠤᠯᠠᠴᠢᠯᠠᠭᠰᠠᠨ ᠨᠢ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠠᠵᠤ ᠠᠬᠤᠶ ᠶᠢᠨ ᠬᠡᠷᠡᠭᠯᠡᠭᠡᠨ ᠤ ᠣᠨᠣᠯ᠂ ᠣᠨᠣᠯ ᠢ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠠᠭᠠᠭᠠᠮᠠᠭᠠᠶ ᠬᠥᠭᠵᠢᠯᠳᠡ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠨ᠂ ᠭᠠᠵᠠᠷ ᠬᠡᠷᠡᠭᠯᠡᠬᠦ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠥ᠂ ᠭᠠᠵᠠᠷ ᠰᠢᠷᠣᠶ ᠶᠢᠨ ᠳᠠᠪᠠᠭᠤᠯᠢᠭ ᠪᠠ ᠣᠲᠣ ᠶᠢᠨ ᠪᠠᠶᠢᠭ᠎ᠠ ᠲᠥᠬᠦᠭᠡᠷᠦᠮᠵᠢ ᠶᠢᠨ ᠬᠡᠷᠡᠭᠯᠡᠬᠦ ᠳᠠᠯᠳᠠ ᠬᠦᠴᠦᠨ ᠢ  ᠪᠠᠳᠠᠷᠠᠭᠤᠯᠵᠥ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠶᠡᠷᠦᠩᠬᠡᠶᠢᠯᠡᠨ ᠪᠠᠶᠢᠷᠢᠯᠠᠭᠤᠯᠵᠤ᠂ ᠬᠤᠳᠠ ᠶᠢᠨ ᠣᠷᠣᠨ ᠵᠠᠶ ᠶᠢᠨ ᠡᠬᠢ ᠪᠠᠶᠠᠯᠢᠭ ᠢ ᠪᠦᠲᠦᠮᠵᠢᠲᠡᠶ ᠲᠣᠬᠢᠷᠠᠭᠤᠯᠵᠤ᠂ ᠬᠤᠶᠢᠰᠢᠳᠠ ᠶᠢᠨ ᠬᠥᠭᠵᠢᠯᠲᠡ ᠶᠢᠨ ᠣᠷᠣᠨ ᠵᠠᠢ ᠶᠢ ᠦᠯᠡᠳᠡᠭᠡᠬᠦ ᠶᠢᠨ ᠲᠥᠯᠥᠭᠡ᠂ ᠲᠥᠯᠥᠪᠵᠢᠭᠦᠯᠭᠡ ᠶᠢᠨ ᠬᠡᠷᠡᠭᠵᠢᠭᠦᠯᠦᠭᠦᠰᠢᠲᠡᠢ ᠴᠢᠨᠠᠷ ᠢ ᠳᠡᠭᠡᠭᠰᠢᠯᠡᠭᠦᠯᠵᠥ᠂ ᠠᠵᠢᠯ ᠤᠨ ᠳᠡᠰ ᠳᠠᠷᠠᠭᠠᠯᠠᠯ ᠢ ᠴᠢᠩᠳᠠᠯᠠᠵᠤ᠂ ᠨᠥᠯᠥᠭᠡᠯᠡᠯ ᠢ ᠦᠨᠡᠯᠡᠨ ᠵᠢᠱᠢᠬᠦ ᠠᠵᠢᠯ ᠢ ᠴᠢᠩᠭᠠᠳᠬᠠᠵᠤ᠂ ᠲᠥᠯᠥᠪᠵᠢᠭᠦᠯᠭᠡ ᠶᠣᠰᠣᠭᠠᠷ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠯᠣᠭᠤᠳᠤᠨ ᠬᠢᠨᠡᠯᠳᠡ ᠲᠠᠯᠪᠢᠬᠤ ᠠᠵᠢᠯ ᠢ ᠰᠠᠶᠢᠲᠤᠷ ᠬᠢᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠶᠠᠩ ᠶᠠᠩ᠂ ᠮᠥᠩᠬᠡ ᠪᠠᠭᠠᠲᠤᠷ ᠬᠤᠷᠠᠯ ᠳᠤ ᠣᠷᠣᠯᠴᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号