ᠮᠠᠯᠴᠢᠳ ᠤᠨ ᠴᠢᠨᠡᠭᠡᠯᠢᠭ ᠠᠮᠢᠳᠤᠷᠠᠯ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ︽ᠬᠠᠷᠢ ᠶᠢᠨ ᠵᠤᠰᠠᠯᠠᠩ︾ ᠵᠦᠭ ᠤᠷᠤᠭᠰᠢᠯᠠᠨ᠎ᠠ
ᠨᠡᠶᠢᠲᠡᠯᠡᠭᠰᠡᠨ ᠴᠠᠭ᠄
2020-07-10
     ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠥᠨ ᠳᠤ ᠬᠥᠷᠪᠡᠯ᠂ ᠡᠪᠡᠰᠦ ᠪᠡᠯᠴᠢᠭᠡᠷ ᠥᠩ ᠰᠢᠮᠡᠯᠢᠭ᠂ ᠠᠭᠤᠷᠬᠠᠢ ᠶᠢᠨ ᠪᠤᠯᠠᠭᠳᠠᠴᠠ ᠡᠯᠪᠡᠭ ᠳᠡᠯᠪᠡᠭ᠂ ᠪᠠᠶᠠᠨᠬᠤᠸᠠ ᠪᠠᠯᠭᠠᠰᠤᠨ ᠤ ᠪᠠᠶᠠᠨᠴᠠᠭᠠᠨ ᠭᠠᠴᠠᠭ᠎ᠠ ᠳᠤ ᠢᠷᠡᠬᠦ ᠳᠤ᠂ ᠨᠢᠭᠡᠨ ᠨᠠᠷᠢᠯᠢᠭ ᠰᠠᠶᠢᠬᠠᠨ ᠬᠤᠶᠠᠷ ᠳᠠᠪᠬᠤᠷ ᠵᠤᠰᠠᠯᠠᠩ ᠨᠢᠳᠤᠨ ᠡᠮᠦᠨ᠎ᠡ ᠢᠯᠡᠷᠡᠪᠡ᠃ ᠮᠣᠳᠣᠨ ᠪᠠᠶᠢᠰᠢᠩ ᠤᠨ ᠭᠤᠶᠤ ᠬᠡᠭᠡᠨᠴᠢᠷ ᠪᠠ ᠳᠠᠯ᠎ᠠ ᠨᠤᠳᠤᠭ ᠤᠨ ᠦᠵᠡᠮᠵᠢ ᠲᠠᠢ ᠪᠠᠨ ᠨᠢᠭᠡ ᠴᠣᠭᠴᠠ ᠪᠣᠯᠵᠤ ᠠᠭᠤᠰᠤᠯᠴᠠᠵᠠᠢ᠃ ᠡᠨᠡ ᠪᠤᠯ ᠳᠠᠷᠤᠢ ᠮᠠᠯᠴᠢᠨ ᠬᠥᠭᠵᠢᠯᠳᠥ ᠶᠢᠨ ᠭᠡᠷ ᠪᠤᠯᠤᠨ᠎ᠠ᠃
     ᠮᠠᠯᠴᠢᠨ ᠬᠥᠭᠵᠢᠯᠲᠦ ᠬᠠᠯᠠᠭᠤᠮᠰᠤᠭ ᠢᠶᠠᠷ ᠵᠣᠴᠢᠳ ᠢ ᠭᠡᠷ ᠲᠤᠨᠢ ᠤᠷᠢᠨ ᠤᠷᠤᠭᠤᠯᠵᠤ᠂ ᠦᠨᠳᠦᠰᠦᠲᠡᠨ ᠤ ᠤᠨᠴᠠᠯᠢᠭ  ᠢᠶᠠᠷ ᠪᠢᠯᠬᠠᠭᠰᠠᠨ ᠵᠠᠰᠠᠯ ᠴᠢᠮᠡᠭᠯᠡᠯ ᠨᠢ ᠲᠠᠯ᠎ᠠ ᠨᠤᠲᠤᠭ ᠤᠨ ᠠᠷᠠᠳ ᠲᠦᠮᠡᠨ ᠤ ᠥᠪᠡᠷᠮᠢᠴᠡ ᠭᠤᠸ᠎ᠠ ᠲᠠᠭᠠᠰᠢᠶᠠᠯ ᠢ ᠬᠠᠷᠠᠭᠤᠯᠵᠠᠢ᠃ ᠨᠢᠭᠡᠳᠦᠭᠡᠷ ᠳᠠᠪᠬᠤᠷᠯᠢᠭ ᠨᠢ ᠵᠣᠴᠢᠨ ᠤ ᠥᠷᠥᠭᠡ᠂ ᠬᠤᠭᠤᠯᠠᠨ ᠭᠡᠷ᠂ ᠲᠣᠭᠤᠭᠠᠨ ᠭᠡᠷ᠂ ᠤᠨᠲᠠᠬᠤ ᠥᠷᠥᠭᠡ᠂ ᠤᠬᠢᠶᠠᠯᠭ᠎ᠠ ᠶᠢᠨ ᠥᠷᠥᠭᠡ ᠵᠡᠷᠭᠡ ᠬᠡᠷᠡᠭᠴᠡᠭᠡᠨ ᠤ ᠴᠢᠨᠠᠷᠲᠠᠶ ᠥᠷᠥᠭᠡ ᠴᠥᠮ ᠪᠦᠷᠢᠨ ᠪᠠᠶᠢᠵᠤ᠂ ᠬᠤᠶᠠᠳᠤᠭᠠᠷ ᠳᠠᠪᠬᠤᠷ ᠤᠨ ᠥᠷᠭᠡᠨ ᠠᠭᠤᠳᠠᠮ ᠨᠠᠷᠠᠪᠴᠢ ᠳᠡᠭᠡᠷ᠎ᠡ ᠵᠣᠭᠰᠣᠨ ᠦᠵᠡᠮᠵᠢ ᠰᠣᠨᠢᠷᠬᠠᠬᠤ ᠳᠤ᠂ ᠬᠡᠭᠡᠷ᠎ᠡ ᠲᠠᠯ᠎ᠠ ᠨᠠᠮ ᠰᠡᠯᠡᠭᠦᠨ᠂ ᠠᠭᠤᠳᠠᠮ ᠰᠠᠷᠠᠭᠤᠯ ᠬᠠᠷᠠᠭᠳᠠᠨ᠎ᠠ᠃
     ᠭᠡᠷ ᠪᠠᠶᠢᠰᠢᠩ ᠤᠨ ᠪᠠᠷᠢᠯᠭ᠎ᠠ ᠶᠢᠨ ᠪᠠᠶᠢᠳᠠᠯ ᠢ ᠠᠰᠠᠭᠤᠬᠤ ᠳᠤ᠂ ᠬᠥᠭᠵᠢᠯᠲᠦ᠄ ︽ᠭᠡᠷ ᠪᠠᠶᠢᠰᠢᠩ ᠢ ᠥᠪᠡᠷ ᠢᠶᠠᠨ ᠵᠢᠷᠤᠵᠤ ᠲᠥᠯᠥᠪᠯᠡᠭᠰᠡᠨ ᠶᠤᠮ᠃ ᠰᠥᠨᠢᠳ ᠵᠡᠭᠦᠨ ᠬᠤᠰᠢᠭᠤᠨ ᠤ ᠮᠠᠯᠴᠢᠳ ᠤᠨ ᠪᠠᠷᠢᠭᠰᠠᠨ ᠰᠢᠨ᠎ᠡ ᠮᠠᠶ᠋ᠢᠭ ᠤᠨ ᠡᠨᠧᠷᠭᠢ ᠶᠢᠨ ᠭᠡᠷ ᠪᠠᠶᠢᠰᠢᠩ ᠢ ᠳᠣᠭᠤᠷᠢᠨ ᠦᠵᠡᠬᠦ ᠳᠤ ᠣᠨᠴᠠᠭᠠᠢ ᠪᠠᠭ᠋ᠠᠲᠠᠢ ᠰᠠᠨᠠᠭᠳᠠᠵᠤ᠂ ᠬᠠᠷᠢᠵᠤ ᠢᠷᠡᠭᠰᠡᠨ ᠤ ᠳᠠᠷᠠᠭ᠎ᠠ᠂ ᠪᠢ ᠪᠠᠰᠠ ᠡᠶᠢᠮᠥ ᠨᠢᠭᠡ ᠪᠢᠴᠢᠬᠠᠨ ᠬᠤᠶᠠᠷ ᠳᠠᠪᠬᠤᠷᠭ᠎ᠠ ᠶᠢᠨ ᠵᠤᠰᠠᠯᠠᠩ ᠪᠠᠷᠢᠵᠤ᠂ ᠨᠠᠩ ᠰᠠᠶᠢᠨ ᠠᠮᠢᠳᠤᠷᠠᠯ ᠡᠳ᠋ᠯᠡᠨ᠎ᠡ ᠭᠡᠵᠦ ᠪᠣᠳᠣᠵᠤ ᠪᠠᠶᠢᠯ᠎ᠠ᠃︾ ᠬᠥᠭᠵᠢᠯᠲᠦ  ᠣᠯᠠᠨ ᠠᠰᠠᠭᠤᠨ ᠯᠠᠪᠯᠠᠭᠰᠠᠨ ᠤ ᠳᠠᠷᠠᠭ᠎ᠠ ᠂ ᠨᠠᠷᠢᠨ ᠬᠢᠨᠠᠮᠠᠭᠠᠢ ᠬᠡᠮᠵᠢᠨ ᠵᠢᠷᠤᠵᠤ᠂ ᠳᠤᠰᠬᠠᠢ ᠮᠡᠷᠭᠡᠵᠢᠯ ᠢ ᠮᠡᠳᠡᠬᠦ ᠦᠭᠡᠢ ᠲᠡᠷᠡ ᠵᠢᠷᠤᠭ ᠲᠥᠯᠥᠪᠯᠡᠭᠡ ᠪᠠᠨ ᠳᠠᠬᠢᠨ ᠳᠠᠬᠢᠨ ᠵᠠᠰᠠᠵᠤ᠂ ᠥᠪᠡᠷ ᠤᠨ ᠰᠠᠨᠠᠭᠠᠨ ᠳᠤ ᠳᠠᠭᠠᠷᠠᠭᠰᠠᠨ ᠭᠡᠷ ᠪᠠᠶᠢᠰᠢᠩ  ᠵᠠᠰᠠᠵᠤ ᠭᠠᠷᠭᠠᠬᠤ ᠪᠠᠷ ᠴᠢᠷᠮᠠᠶᠢᠵᠠᠢ᠃ ︽ᠲᠤᠰᠬᠠᠶ ᠮᠡᠷᠭᠡᠵᠢᠯ ᠤᠨ ᠪᠠᠷᠢᠯᠭ᠎ᠠ ᠶᠢᠨ ᠠᠵᠢᠯᠴᠢᠨ ᠦᠭᠡᠢ ᠤᠴᠢᠷ ᠠᠴᠠ᠂ ᠡᠩ ᠤᠨ ᠴᠠᠭ ᠲᠤ ᠣᠶᠢᠷ᠎ᠠ ᠬᠠᠪᠢ ᠶᠢᠨ ᠮᠠᠯᠴᠢᠳ ᠢᠷᠡᠵᠦ ᠬᠠᠪᠰᠤᠷᠳᠠᠭ︾ ᠭᠡᠵᠤ ᠶᠠᠷᠢᠵᠤ ᠪᠠᠶᠢᠯ᠎ᠠ᠃
     2016 ᠣᠨ ᠨᠠᠮᠤᠷ ᠠᠴᠠ ᠡᠬᠢᠯᠡᠨ ᠵᠢᠷᠤᠭ ᠲᠥᠯᠥᠪᠯᠡᠭᠡ ᠬᠢᠵᠦ᠂ ᠵᠤᠰᠠᠯᠠᠩ ᠢᠶᠠᠨ ᠪᠠᠷᠢᠵᠤ ᠡᠬᠢᠯᠡᠯ᠎ᠡ᠃ 2018 ᠣᠨ ᠤ 11 ᠰᠠᠷ᠎ᠠ ᠳᠤ ᠰᠢᠨ᠎ᠡ ᠭᠡᠷ ᠲᠤ ᠨᠡᠭᠦᠵᠦ ᠣᠷᠣᠭᠠᠳ᠂ ᠬᠥᠭᠵᠢᠯᠲᠦ ᠪᠣᠳᠠᠲᠤ ᠠᠵᠢᠯᠯᠠᠭ᠎ᠠ ᠪᠠᠷ ᠢᠶᠠᠨ ᠬᠥᠰᠡᠯ ᠮᠥᠷᠥᠭᠡᠳᠦᠯ ᠤᠨ ᠠᠮᠢᠳᠤᠷᠠᠯ ᠢᠶᠠᠨ ᠡᠬᠢᠯᠡᠭᠦᠯᠪᠡ᠃ ᠠᠮᠢ ᠠᠬᠤᠢ ᠶᠢ ᠬᠠᠮᠠᠭᠠᠯᠠᠬᠤ ᠶᠢᠨ ᠲᠥᠯᠥᠭᠡ᠂ ᠲᠡᠷᠡ ᠪᠠᠰᠠ ᠭᠡᠷ ᠪᠠᠷᠢᠭᠠᠳ ᠦᠯᠡᠳᠡᠭᠰᠡᠨ ᠮᠠᠲ᠋ᠧᠷᠢᠶᠠᠯ ᠢᠶᠠᠨ ᠠᠰᠢᠭᠯᠠᠵᠤ᠂ ᠨᠢᠭᠡ ᠲᠠᠰᠤᠯᠭ᠎ᠠ ᠬᠥᠮᠥᠷᠭᠡ ᠪᠠᠷᠢᠪᠠ᠃      ᠥᠷᠭᠡᠨ ᠠᠭᠤᠳᠠᠮ ᠮᠠᠯᠵᠢᠬᠤ ᠣᠷᠣᠨ ᠤ ᠠᠮᠢᠳᠤᠷᠠᠯ ᠨᠢ ᠡᠨᠡᠬᠦ ᠬᠦᠰᠡᠯ ᠮᠥᠷᠥᠭᠡᠳᠦᠯ ᠢᠶᠠᠷ ᠳᠦᠭᠦᠷᠦᠭᠰᠡᠨ ᠵᠤᠰᠠᠯᠠᠩ ᠪᠠᠶᠢᠭᠰᠠᠨ ᠠᠴᠠ ᠪᠤᠯᠵᠤ ᠨᠠᠩ ᠰᠠᠶᠢᠨ ᠰᠠᠶᠢᠬᠠᠨ ᠪᠣᠯᠪᠠ᠃ ᠬᠥᠭᠵᠢᠯᠲᠦ ᠠᠴᠠ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠳᠣ ᠪᠣᠯᠲᠠᠯ᠎ᠠ᠂ ᠭᠡᠷ ᠪᠠᠶᠢᠰᠢᠩ ᠪᠠᠷᠢᠭᠠᠳ 30 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠠᠶ᠂ ᠡᠨᠡ ᠨᠢ ᠨᠢᠭᠡᠨᠳᠡ ᠴᠢᠨᠡᠭᠡᠯᠢᠭ ᠠᠮᠢᠳᠤᠷᠠᠯ ᠲᠠᠢ ᠪᠣᠯᠤᠭᠰᠠᠨ ᠡᠨᠡ ᠭᠡᠷ ᠤᠨ ᠬᠥᠮᠦᠰ ᠲᠤ ᠠᠪᠴᠤ ᠬᠡᠯᠡᠪᠡᠯ ᠮᠥᠨ ᠬᠦ ᠳᠠᠭᠠᠭᠠᠵᠤ ᠳᠡᠶᠢᠯᠬᠦ ᠬᠡᠪᠴᠢᠶᠡᠨ ᠳᠤ ᠪᠠᠶᠢᠨ᠎ᠠ᠃ ᠵᠤᠰᠠᠯᠠᠩ ᠳᠠᠭᠠᠨ ᠳᠡᠭᠡᠷ᠎ᠡ ᠳᠣᠣᠷ᠎ᠠ ᠤᠰᠤ ᠶᠢ ᠵᠠᠯᠭᠠᠵᠤ᠂ ᠬᠠᠨ᠎ᠠ ᠶᠢᠨ ᠡᠯᠭᠦᠭᠦᠷ ᠵᠤᠤᠬ᠎ᠠ ᠶᠢ ᠨᠣᠴᠣᠭᠠᠵᠤ᠂ ᠰᠦᠯᠵᠢᠶ᠎ᠡ ᠴᠦ ᠬᠤᠯᠪᠣᠯᠳᠤᠵᠤ᠂ ᠬᠤᠲᠠ ᠶᠢᠨ ᠳᠥᠭᠦᠮ ᠳᠥᠲᠡ ᠠᠮᠢᠳᠤᠷᠠᠯ ᠨᠢ ᠮᠠᠯᠵᠢᠬᠤ ᠣᠷᠣᠨ ᠳᠤ ᠪᠦᠷ ᠪᠡᠶᠡᠯᠡᠭᠳᠡᠵᠠᠢ᠃ ᠣᠷᠴᠢᠨ ᠲᠣᠭᠤᠷᠢᠨ ᠤ ᠮᠠᠯᠴᠢᠨ ᠠᠶᠢᠯ ᠦᠨᠳᠦᠰᠦᠨ ᠳᠡᠭᠡᠨ ᠴᠥᠮ ᠤᠰᠤ᠂ ᠴᠠᠬᠢᠯᠭᠠᠨ᠂ ᠲᠣᠣᠷ ᠪᠦᠷᠢᠨ ᠭᠦᠢᠴᠡᠳ ᠪᠠᠶᠢᠵᠤ᠂ ᠮᠠᠯᠴᠢᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠠᠮᠢᠳᠤᠯᠢᠭ ᠵᠢᠷᠤᠭ ᠲᠥᠯᠥᠪ ᠪᠠᠶᠠᠨᠴᠠᠭᠠᠨ ᠤ ᠭᠠᠵᠠᠷ ᠪᠣᠯᠭᠠᠨ ᠳᠤ ᠳᠡᠯᠭᠡᠷᠡᠪᠡ᠃      ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠥᠷᠢᠳᠥ ᠢᠯᠠᠯᠲᠠ ᠶᠢ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠥᠷᠢᠯᠡᠬᠦ ᠵᠠᠩᠭᠢᠯᠠᠭ᠎ᠠ ᠶᠢᠨ ᠱᠠᠲᠤᠨ ᠳᠤ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠡᠬᠡ ᠤᠯᠤᠰ ᠠᠴᠠ ᠤᠮᠠᠷᠠᠲᠤ ᠬᠢᠯᠢ ᠶᠢᠨ ᠱᠤᠭᠤᠮ ᠳᠡᠭᠡᠷ᠎ᠡ᠂ ᠡᠬᠡ ᠤᠯᠤᠰ ᠠᠴᠠ ᠤᠮᠠᠷᠠᠲᠤ ᠣᠷᠣᠨ ᠤ ᠠᠮᠢ ᠠᠬᠤᠢ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠲᠤ ᠴᠣᠭᠴᠠᠯᠠᠬᠤ ︽ᠬᠤᠶᠠᠷ ᠬᠠᠯᠬᠠᠪᠴᠢ︾ ᠶᠢ ᠪᠠᠲᠤ ᠪᠥᠳᠥᠭᠡᠨ ᠪᠠᠶᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ᠂ ᠬᠥᠭᠵᠢᠯᠲᠦ ᠲᠠᠢ ᠠᠳᠠᠯᠢ ᠠᠵᠢᠯᠴᠢ ᠬᠥᠳᠡᠯᠮᠦᠷᠢᠴᠢ ᠮᠠᠯᠴᠢᠳ ᠡᠯ᠎ᠡ ᠱᠠᠲᠤᠨ ᠤ ᠵᠠᠰᠠᠭ ᠤᠨ ᠣᠷᠳᠣᠨ ᠤ ᠳᠠᠭᠠᠭᠤᠯᠭ᠎ᠠ ᠳᠣᠤᠷ᠎ᠠ᠂ ᠡᠷᠡᠰ ᠬᠠᠲᠠᠭᠤ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠦᠷᠭᠦᠯᠵᠢᠯᠡᠨ ᠪᠠᠳᠠᠷᠠᠭᠤᠯᠵᠤ᠂ ᠬᠤᠶᠠᠷ ᠭᠠᠷ ᠢᠶᠠᠷ ᠢᠶᠠᠨ ᠬᠢᠯᠢ ᠬᠢᠵᠠᠭᠠᠷ ᠤᠨ ᠬᠥᠬᠡ ᠣᠭᠲᠠᠷᠭᠤᠢ ᠶᠢᠨ ᠠᠷᠢᠭᠤᠨ ᠬᠥᠷᠥᠰᠥ ᠶᠢ ᠰᠠᠬᠢᠨ ᠬᠠᠮᠠᠭᠠᠯᠠᠵᠤ᠂ ᠮᠠᠯᠴᠢᠳ ᠤᠨ ᠰᠢᠨ᠎ᠡ ᠠᠮᠢᠳᠤᠷᠠᠯ ᠢᠶᠠᠨ ᠴᠣᠭᠴᠠᠯᠠᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号