ᠠᠯᠪᠠᠨ ᠳᠤᠰᠢᠶᠠᠯᠳᠠᠨ ᠢᠩᠭᠢᠵᠥ ᠬᠢᠪᠡᠯ ᠵᠠᠰᠠᠭ ᠤᠨ ᠶᠠᠪᠤᠳᠠᠯ ᠤᠨ ᠰᠢᠳᠭᠡᠯ ᠢᠶᠠᠷ ᠬᠥᠨᠳᠥ ᠰᠢᠳᠬᠡᠨ᠎ᠡ
ᠨᠡᠶᠢᠲᠡᠯᠡᠭᠰᠡᠨ ᠴᠠᠭ᠄
2020-07-10
     ᠠᠯᠪᠠᠨ ᠳᠤᠰᠢᠶᠠᠯᠳᠠᠨ ᠳᠤ ᠵᠠᠰᠠᠭ ᠤᠨ ᠶᠠᠪᠤᠳᠠᠯ ᠤᠨ ᠰᠢᠳᠭᠡᠯ ᠥᠭᠬᠦ ᠳᠤ ᠵᠠᠯᠬᠠᠭᠠᠨ ᠴᠡᠭᠡᠷᠯᠡᠬᠦᠯᠬᠦ ᠪᠠ ᠰᠤᠷᠭᠠᠨ ᠬᠥᠮᠥᠵᠢᠭᠦᠯᠬᠦ ᠶᠢ ᠣᠶᠠᠯᠳᠤᠭᠤᠯᠬᠤ ᠶᠢ ᠪᠠᠷᠢᠮᠲᠠᠯᠠᠵᠤ᠂ ᠠᠭᠤᠴᠢᠯᠠᠬᠤ ᠪᠠ ᠴᠢᠩᠭ᠎ᠠ ᠰᠢᠳᠭᠡᠬᠦ ᠶᠢ ᠬᠤᠤᠰᠯᠠᠭᠤᠯᠬᠤ ᠬᠡᠷᠡᠭᠳᠡᠢ᠃ ︽ᠪᠥᠭᠦᠳᠡ ᠨᠠᠶᠢᠷᠠᠮᠳᠠᠬᠤ ᠳᠤᠮᠳᠠᠳᠥ ᠠᠷᠠᠳ ᠤᠯᠤᠰ ᠤᠨ ᠠᠯᠪᠠᠨ ᠳᠣᠰᠢᠶᠠᠯᠳᠠᠨ ᠤ ᠵᠠᠰᠠᠭ ᠤᠨ ᠶᠠᠪᠤᠳᠠᠯ ᠤᠨ ᠰᠢᠳᠭᠡᠯ ᠤᠨ ᠬᠠᠤᠯᠢ︾ ᠶᠢᠨ ᠠᠷᠪᠠᠨ ᠭᠤᠷᠪᠠᠳᠤᠭᠠᠷ ᠵᠦᠢᠯ ᠳᠤ ᠳᠣᠣᠷᠠᠬᠢ ᠪᠠᠶᠢᠳᠠᠯ  ᠤᠨ ᠨᠢᠭᠡ ᠨᠢ ᠪᠠᠶᠢᠪᠠᠯ᠂ ᠵᠠᠰᠠᠭ ᠤᠨ ᠶᠠᠪᠤᠳᠠᠯ ᠤᠨ ᠰᠢᠳᠭᠡᠯ ᠢᠶᠠᠷ ᠬᠥᠨᠳᠥ ᠪᠠᠷ ᠰᠢᠳᠬᠡᠭᠦ ᠶᠣᠰᠤᠳᠠᠢ ᠭᠡᠵᠥ ᠳᠣᠭᠳᠠᠭᠠᠪᠠ᠃      ︵ᠨᠢᠭᠡ︶ ᠵᠠᠰᠠᠭ ᠤᠨ ᠶᠠᠪᠤᠳᠠᠯ ᠤᠨ ᠰᠢᠳᠭᠡᠯ ᠤᠨ ᠬᠤᠭᠤᠴᠠᠭᠠᠨ ᠳᠤ ᠳᠡᠬᠢᠨᠳᠡ ᠵᠤᠷᠢᠭᠤᠳᠠ ᠬᠠᠤᠯᠢ  ᠠᠴᠠ ᠵᠥᠷᠢᠴᠡᠵᠤ᠂ ᠵᠠᠰᠠᠭ ᠤᠨ ᠶᠠᠪᠤᠳᠠᠯ ᠤᠨ ᠰᠢᠳᠭᠡᠯ ᠤᠯᠬᠤ ᠶᠣᠰᠤᠳᠠᠢ ᠪᠠᠶᠢᠳᠠᠯ︔      ︵ᠬᠤᠶᠠᠷ︶ ᠪᠤᠰᠤᠳ ᠬᠥᠮᠥᠨ ᠤ ᠢᠯᠡᠴᠢᠯᠡᠬᠦ᠂ ᠭᠡᠷᠡᠴᠢ ᠪᠠᠷᠢᠮᠳᠠ ᠬᠠᠩᠭᠠᠬᠤ ᠶᠢ ᠬᠤᠷᠢᠭᠯᠠᠭᠰᠠᠨ︔      ︵ᠭᠤᠷᠪᠠ︶ ᠬᠤᠤᠪᠢᠯᠳᠥᠨ ᠥᠴᠢᠭᠯᠡᠭᠰᠡᠨ ᠪᠤᠶᠤ ᠭᠡᠷᠡᠴᠢ ᠪᠠᠷᠢᠮᠳᠠ ᠶᠢ ᠬᠠᠭᠤᠷᠮᠠᠭᠯᠠᠨ ᠵᠣᠬᠢᠶᠠᠵᠥ᠂ ᠨᠢᠭᠤᠨ ᠳᠠᠷᠣᠵᠤ᠂ ᠤᠰᠠᠳᠬᠠᠭᠰᠠᠨ︔      ︵ᠳᠥᠷᠪᠡ︶ ᠬᠡᠷᠡᠭ ᠤᠨ ᠬᠠᠮᠳᠤ ᠬᠡᠷᠡᠭᠳᠡᠨ ᠢ ᠥᠮᠥᠭᠯᠡᠭᠰᠡᠨ︔      ︵ᠳᠠᠪᠦ︶ ᠪᠣᠰᠣᠳ ᠬᠥᠮᠥᠨ ᠢ ᠠᠶᠤᠯᠭᠠᠨ ᠰᠥᠷᠳᠡᠭᠦᠯᠵᠥ᠂ ᠥᠳᠥᠭᠡᠵᠥ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠬᠢᠯᠭᠡᠭᠰᠡᠨ︔      ︵ᠵᠢᠷᠭᠤᠭ᠎ᠠ︶ ᠬᠠᠤᠯᠢ ᠶᠢ ᠵᠥᠷᠢᠴᠡᠵᠥ ᠤᠯᠤᠭᠰᠠᠨ ᠣᠯᠵᠠ ᠠᠰᠢᠭ ᠢᠶᠠᠨ ᠳᠡᠭᠡᠭᠰᠢ ᠳᠤᠰᠢᠶᠠᠬᠤ ᠪᠤᠶᠤ ᠪᠤᠴᠠᠭᠠᠵᠤ ᠳᠥᠯᠥᠬᠦ ᠶᠢ ᠳᠡᠪᠴᠢᠭᠰᠡᠨ︔      ︵ᠳᠣᠯᠤᠭ᠎ᠠ︶ ᠬᠠᠤᠯᠢ ᠴᠠᠭᠠᠵᠠ᠂ ᠬᠠᠤᠯᠢ ᠳᠥᠷᠢᠮ ᠳᠤ ᠳᠤᠭᠳᠠᠭᠠᠭᠰᠠᠨ ᠪᠣᠰᠣᠳ ᠬᠥᠨᠳᠥ ᠪᠠᠷ ᠰᠢᠳᠬᠡᠬᠦ ᠦᠢᠯᠡ ᠪᠠᠶᠢᠳᠠᠯ᠃      ︽ᠪᠥᠭᠦᠳᠡ ᠨᠠᠶᠢᠷᠠᠮᠳᠠᠬᠤ ᠳᠤᠮᠳᠠᠳᠥ ᠠᠷᠠᠳ ᠤᠯᠤᠰ ᠤᠨ ᠠᠯᠪᠠᠨ ᠳᠣᠰᠢᠶᠠᠯᠳᠠᠨ ᠤ ᠵᠠᠰᠠᠭ ᠤᠨ ᠶᠠᠪᠤᠳᠠᠯ  ᠤᠨ ᠰᠢᠳᠭᠡᠯ ᠤᠨ ᠬᠠᠤᠯᠢ︾ ᠶᠢ2020 ᠣᠨ ᠤ6 ᠰᠠᠷ᠎ᠠ ᠶᠢᠨ20 ᠤ ᠡᠳᠥᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠤᠳᠥᠭᠡᠷ ᠬᠤᠷᠠᠯ ᠠᠴᠠ ᠪᠠᠳᠥᠯᠠᠪᠠ᠂2020 ᠣᠨ ᠤ7 ᠰᠠᠷ᠎ᠠ ᠶᠢᠨ1 ᠤ ᠡᠳᠥᠷ ᠠᠴᠠ ᠵᠢᠩᠭᠢᠨᠢ ᠪᠠᠷ ᠡᠬᠢᠯᠡᠵᠥ ᠬᠡᠷᠡᠭᠵᠢᠭᠦᠯᠥᠨ᠎ᠡ᠃      ᠡᠨᠡ ᠪᠤᠯ ᠳᠤᠮᠳᠠᠳᠥ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠠᠯᠪᠠᠨ ᠳᠤᠰᠢᠶᠠᠯᠳᠠᠨ ᠢ ᠵᠠᠯᠬᠠᠭᠠᠨ ᠴᠡᠭᠡᠷᠯᠡᠬᠦᠯᠬᠦ ᠳᠥᠷᠢᠮ ᠢ ᠪᠥᠭᠦ ᠳᠠᠯ᠎ᠠ ᠪᠠᠷ ᠰᠢᠰᠲ᠋ᠧᠮ ᠲᠠᠢ ᠵᠢᠷᠤᠮᠵᠢᠭᠤᠯᠤᠭᠰᠠᠨ ᠠᠩᠬᠠᠳᠠᠭᠴᠢ ᠤᠯᠤᠰ ᠤᠨ ᠬᠠᠤᠯᠢ ᠴᠠᠭᠠᠵᠠ ᠪᠤᠯᠤᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号