ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠮᠡᠳᠡᠪᠡᠰᠦ ᠵᠣᠬᠢᠬᠤ ᠵᠦᠢᠯ ︵ᠶᠢᠰᠤ︶
ᠨᠡᠶᠢᠲᠡᠯᠡᠭᠰᠡᠨ ᠴᠠᠭ᠄
2020/7/10
    1. ︽ᠬᠤᠰᠢᠭᠤ ᠰᠢᠶᠠᠨ ᠰᠤᠮᠤ ᠰᠢᠶᠠᠩ ᠨᠢᠭᠡ ᠴᠤᠭᠴᠠᠵᠢᠬᠤ᠂ ᠰᠤᠮᠤ ᠰᠢᠶᠠᠩ ᠭᠠᠴᠠᠭ᠎ᠠ ᠳᠣᠰᠬᠤᠨ ᠨᠢᠭᠡ ᠴᠣᠭᠴᠠᠵᠢᠬᠤ︾ ᠪᠠᠶᠢᠭᠤᠯᠤᠮᠵᠢ      ︽ᠬᠤᠰᠢᠭᠤ ᠰᠢᠶᠠᠨ ᠠᠴᠠ ᠤᠷᠢᠵᠥ ᠬᠤᠰᠢᠭᠤ ᠰᠢᠶᠠᠨ ᠠᠴᠠ ᠬᠠᠮᠢᠶᠠᠷᠤᠨ ᠰᠤᠮᠤ ᠰᠢᠶᠠᠩ ᠳᠤ ᠬᠡᠷᠡᠭᠯᠡᠬᠦ︾ ᠪᠠ ︽ᠰᠤᠮᠤ ᠰᠢᠶᠠᠨ ᠠᠴᠠ ᠤᠷᠢᠵᠤ ᠭᠠᠴᠠᠭ᠎ᠠ ᠳᠤᠰᠬᠤᠨ ᠳᠤ ᠬᠡᠷᠡᠭᠯᠡᠬᠦ︾ ᠶᠢ ᠣᠯᠠᠮ ᠨᠢᠭᠡ ᠠᠯᠬᠤᠮ ᠠᠬᠢᠭᠤᠯᠵᠥ ᠂ ᠳᠤᠭᠤᠷᠢᠨ ᠡᠮᠨᠡᠬᠦ᠂ ᠳᠣᠮᠢᠯᠠᠨ ᠰᠠᠭᠤᠯᠭᠠᠬᠤ ᠪᠠᠶᠢᠭᠤᠯᠤᠮᠵᠢ ᠶᠢ ᠳᠡᠭᠦᠯᠳᠡᠷᠵᠢᠭᠦᠯᠥᠨ ᠪᠠᠶᠢᠭᠤᠯᠵᠥ᠂ ᠬᠥᠳᠡᠭᠡ ᠳᠤᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠳᠡᠳ ᠤᠨ ᠡᠩᠨᠡᠭᠡᠨ ᠤ ᠳᠤᠭᠳᠠᠭᠤᠨ ᠪᠠᠶᠢᠬᠤ ᠶᠢ ᠪᠠᠳᠣᠯᠠᠨ᠎ᠠ᠃ ᠨᠥᠭᠦᠴᠡᠯ ᠪᠥᠷᠢᠯᠳᠥᠭᠰᠡᠨ ᠠᠶᠢᠮᠠᠭ ᠬᠤᠳᠠ ᠶᠢᠨ ᠬᠠᠷᠢᠶᠠᠨ ᠳᠠᠬᠢ ᠶᠠᠳᠠᠭᠤ ᠬᠥᠴᠢᠷᠳᠡᠯᠳᠡᠢ ᠪᠤᠰᠤ ᠬᠤᠰᠢᠭᠤ ᠰᠢᠶᠠᠨ ᠤ ᠳᠡᠰ ᠤᠨ ᠡᠮᠨᠡᠯᠭᠡ ᠶᠢᠨ ᠬᠤᠷᠢᠶ᠎ᠠ ᠨᠢ ᠶᠠᠳᠠᠭᠤ ᠬᠥᠴᠢᠷᠳᠡᠯᠳᠡᠢ ᠭᠠᠵᠠᠷ ᠤᠷᠤᠨ ᠤ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠡᠮᠴᠢ ᠳᠤᠮᠢᠯᠠᠨ ᠬᠠᠪᠰᠤᠷᠤᠨ ᠳᠡᠮᠵᠢᠬᠦ ᠠᠵᠢᠯ ᠥᠷᠨᠢᠭᠦᠯᠥᠨ᠎ᠡ᠃ ︽ᠥᠨᠳᠥᠰᠳ ᠱᠠᠳᠥ ᠶᠢ ᠬᠥᠴᠥᠷᠭᠡᠭᠵᠢᠭᠦᠯᠥᠨ᠂ ᠤᠯᠠᠨ ᠳᠥᠮᠡᠨ ᠢ ᠬᠠᠷᠠᠭᠠᠯᠵᠠᠬᠤ︾ ᠬᠠᠷᠠᠯᠳᠡ  ᠪᠠᠷ ᠰᠢᠶᠠᠨ ᠤ ᠬᠠᠷᠢᠶᠠᠨ ᠤ ᠡᠮᠨᠡᠯᠭᠡ ᠶᠢᠨ ᠨᠢᠭᠡ ᠴᠤᠭᠴᠡᠵᠢᠯᠳᠡ ᠶᠢ ᠪᠠᠶᠢᠭᠤᠯᠬᠤ ᠳᠤᠷᠰᠢᠯᠳᠡ ᠶᠢᠨ ᠴᠡᠭ ᠤᠨ ᠠᠵᠢᠯ ᠢ ᠵᠢᠯᠤᠭᠤᠳᠤᠨ ᠠᠬᠢᠭᠤᠯᠵᠥ᠂ ᠦᠢᠯᠡᠴᠢᠯᠡᠭᠡᠨ ᠬᠠᠩᠭᠠᠯᠭ᠎ᠠ ᠪᠠᠨ ᠴᠢᠩᠭᠠᠳᠬᠠᠨ᠂ ᠦᠷ᠎ᠡ ᠠᠰᠢᠭ ᠢᠶᠠᠨ ᠰᠠᠶᠢᠵᠢᠷᠠᠭᠤᠯᠤᠨ᠎ᠠ᠃ ᠬᠤᠰᠢᠭᠤ ᠰᠢᠶᠠᠨ ᠤ ᠱᠠᠳᠤᠨ ᠤ ᠡᠮᠨᠡᠯᠭᠡ ᠶᠢᠨ ᠬᠤᠷᠢᠶᠠᠨ ᠤ ᠮᠡᠷᠭᠡᠵᠢᠯ ᠤᠨ ᠪᠥᠷᠬᠦᠯᠳᠡ᠂ ᠡᠮ ᠡᠮᠴᠢᠯᠡᠭᠡᠨ ᠤ ᠴᠢᠨᠠᠷ ᠴᠢᠨᠰᠠᠭᠠᠨ ᠤ ᠠᠮᠤᠷ ᠳᠥᠪᠰᠢᠨ ᠪᠠ ᠬᠠᠮᠢᠶᠠᠷᠤᠯᠳᠠ ᠶᠢᠨ ᠬᠢᠷᠢ ᠬᠡᠮᠵᠢᠶᠡᠠ ᠤ ᠳᠠᠭᠠᠭᠤᠯᠬᠤ ᠦᠢᠯᠡᠳᠥᠯ ᠢ ᠴᠢᠩᠭᠠᠳᠬᠠᠨ᠂ ᠭᠠᠵᠠᠷ ᠣᠷᠣᠨ ᠤ ᠡᠮ ᠡᠮᠨᠡᠯᠭᠡ ᠶᠢᠨ ᠡᠬᠢ ᠰᠤᠷᠪᠤᠯᠵᠢ ᠶᠢ ᠬᠠᠮᠳᠤᠪᠠᠷ ᠡᠳ᠋ᠯᠡᠬᠦ ᠶᠢ ᠠᠬᠢᠭᠤᠯᠵᠤ᠂ ᠡᠷᠡᠭᠦᠯ ᠬᠠᠮᠠᠭᠠᠯᠠᠯ ᠤᠨ ᠬᠤᠷᠢᠶᠠᠨ ᠤ ᠡᠮ ᠡᠮᠴᠢᠯᠡᠭᠡᠨ ᠤ ᠴᠢᠳᠠᠪᠥᠷᠢ ᠶᠢ ᠳᠡᠭᠡᠭᠰᠢᠯᠡᠭᠦᠯᠥᠨ᠎ᠡ᠃ ᠰᠤᠮᠤ ᠰᠢᠶᠠᠩ ᠪᠠᠯᠭᠠᠰᠣᠨ ᠤ ᠡᠷᠡᠭᠦᠯ ᠬᠠᠮᠠᠭᠠᠯᠠᠯ ᠤᠨ ᠳᠠᠰᠤᠭ ᠤᠨ ᠳᠤᠬᠠᠶᠢᠯᠠᠭᠰᠠᠨ ᠠᠵᠢᠯ  ᠤᠨ ᠬᠠᠮᠢᠶᠠᠷᠤᠯᠳᠠ ᠪᠠ ᠵᠢᠯᠤᠭᠤᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠥᠷᠢᠵᠢᠭᠤᠯᠤᠨ᠂ ᠱᠠᠩᠨᠡᠠ ᠬᠥᠬᠢᠬᠦᠯᠬᠦ ᠪᠠᠶᠢᠭᠤᠯᠤᠮᠵᠢ ᠪᠠᠨ ᠳᠡᠭᠦᠯᠳᠡᠷᠵᠢᠭᠦᠯᠥᠨ ᠪᠠᠶᠢᠭᠤᠯᠵᠥ᠂ ︽ᠰᠤᠮᠤ ᠰᠢᠶᠠᠩ ᠠᠴᠠ ᠬᠠᠮᠢᠶᠠᠷᠤᠨ ᠭᠠᠴᠠᠭ᠎ᠠ ᠳᠤᠰᠬᠤᠨ ᠬᠡᠷᠡᠭᠯᠡᠬᠦ︾ ᠳᠥᠷᠥ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠤᠨ᠎ᠠ᠃      2. ᠡᠮᠨᠡᠯᠭᠡ ᠳᠤ ᠰᠠᠭᠤᠭᠰᠠᠨ ᠵᠠᠷᠤᠳᠠᠯ ᠢ ᠳᠠᠩᠰᠡ ᠠᠴᠠ ᠲᠠᠶᠢᠯᠠᠬᠤ ᠳᠥᠷᠥ ᠶᠢᠨ ᠪᠤᠳᠤᠯᠭ᠎ᠠ      ᠬᠥᠨᠳᠥ ᠡᠪᠡᠳᠴᠢᠨ ᠤ ᠳᠠᠭᠠᠳᠬᠠᠯ ᠤᠨ ᠳᠥᠯᠥᠬᠦ ᠪᠠᠷᠢᠮᠵᠢᠶ᠎ᠠ ᠶᠢ ᠳᠤᠷᠤᠭᠰᠢᠯᠠᠭᠤᠯᠤᠨ ᠨᠢᠭᠡᠳᠭᠡᠵᠥ᠂ ᠪᠥᠬᠦ ᠣᠷᠣᠨ ᠤ ᠳᠡᠭᠡᠷ᠎ᠡ ᠨᠢᠭᠡ ᠵᠢᠯ ᠤᠨ ᠪᠥᠬᠦ ᠰᠠᠭᠤᠭᠠᠯᠢ ᠠᠷᠠᠳ ᠤᠨ ᠡᠵᠡᠮᠳᠡᠵᠥ ᠪᠤᠯᠬᠤ ᠤᠷᠤᠯᠭ᠎ᠠ ᠶᠢᠨ50% ᠢᠶᠠᠷ ᠳᠤᠭᠳᠠᠭᠠᠵᠤ᠂2020 ᠤᠨ ᠤ ᠪᠥᠬᠦ ᠤᠷᠤᠨ ᠳᠤ1.4 ᠳᠥᠮᠡᠨ ᠳᠥᠭᠦᠷᠢᠭ ᠢᠶᠠᠷ ᠨᠢᠭᠡᠳᠬᠡᠭᠰᠡᠨ ᠪᠠᠶᠢᠨ᠎ᠠ᠃ ᠳᠥᠷᠥ ᠶᠢᠨ ᠪᠣᠳᠤᠯᠭ᠎ᠠ ᠶᠢᠨ ᠬᠡᠪᠴᠢᠶᠠᠨ ᠳᠠᠬᠢ ᠳᠠᠩᠰᠡ ᠠᠴᠠ ᠳᠠᠶᠢᠯᠠᠬᠤ ᠬᠠᠷᠢᠴᠠᠯ ᠢ50% ᠠᠴᠠ60% ᠪᠤᠯᠭᠠᠨ ᠳᠡᠭᠡᠭᠰᠢᠯᠡᠭᠦᠯᠵᠥ᠂ ᠳᠡᠩᠰᠡ ᠺᠠᠷᠲ ᠪᠠᠶᠢᠭᠤᠯᠤᠭᠰᠠᠨ ᠶᠠᠳᠠᠭᠤ ᠬᠥᠴᠢᠷᠳᠡᠯᠳᠡᠢ ᠬᠥᠮᠥᠨ ᠠᠮᠠ ᠶᠢᠨ ᠬᠢ  ᠶᠢ50% ᠢᠶᠠᠷ ᠳᠣᠷᠤᠭᠰᠢᠯᠠᠭᠤᠯᠤᠨ᠂ ᠬᠠᠷᠢᠴᠠᠯ ᠨᠢ5 ᠵᠠᠭᠤᠨ ᠤ ᠴᠡᠭ ᠢᠶᠠᠷ ᠳᠡᠭᠡᠭᠰᠢᠯᠡᠵᠥ᠂ ᠳᠠᠩᠰᠡ ᠺᠠᠷᠲ ᠪᠠᠶᠢᠭᠤᠯᠤᠭᠰᠠᠨ ᠶᠠᠳᠠᠭᠤ ᠬᠥᠴᠢᠷᠳᠡᠯᠳᠡᠢ ᠬᠥᠮᠥᠨ ᠠᠮᠠ ᠶᠢᠨ ᠬᠥᠨᠳᠥ ᠡᠪᠡᠳᠴᠢᠨ ᠤ ᠳᠠᠭᠠᠳᠬᠠᠯ ᠤᠨ ᠳᠡᠭᠡᠳᠥ ᠬᠢᠵᠠᠭᠠᠷ ᠢ ᠨᠢ ᠬᠠᠰᠣᠵᠤ᠂ ᠬᠥᠨᠳᠥ ᠡᠪᠡᠳᠴᠢᠨ ᠳᠤ ᠨᠡᠷᠪᠡᠭᠳᠡᠭᠰᠡᠳ ᠶᠠᠳᠠᠭᠤ ᠬᠥᠴᠢᠷᠳᠡᠯᠳᠡᠢ ᠣᠯᠠᠨ ᠳᠥᠮᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠥᠭᠰᠡᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号