ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠮᠡᠳᠡᠪᠡᠰᠦ ᠵᠣᠬᠢᠬᠤ ᠵᠦᠢᠯ ︵ᠠᠷᠪᠠ
ᠨᠡᠶᠢᠲᠡᠯᠡᠭᠰᠡᠨ ᠴᠠᠭ᠄
2020/7/10
    ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠥᠭᠡᠷᠡᠴᠢᠯᠡᠬᠦ ᠳᠥᠷᠥ ᠶᠢᠨ ᠪᠤᠳᠤᠯᠭ᠎ᠠ ᠪᠠ ᠠᠷᠭ᠎ᠠ ᠬᠡᠮᠵᠢᠶ᠎ᠡ      ︵1︶ C . D ᠳᠡᠰ ᠢᠶᠠᠷ ᠥᠨᠡᠯᠡᠭᠳᠡᠭᠰᠡᠨ ᠠᠶᠤᠯᠳᠠᠢ ᠭᠡᠷ ᠪᠠᠶᠢᠰᠢᠩ ᠢ ᠲᠥᠯᠥᠪᠯᠡᠭᠡ ᠲᠠᠢ ᠪᠠᠷ ᠵᠠᠰᠠᠨ ᠪᠠᠳᠤᠳᠬᠠᠬᠤ ᠪᠤᠶᠤ ᠨᠤᠷᠠᠭᠠᠨ ᠳᠡᠬᠢᠨ ᠪᠠᠶᠢᠭᠤᠯᠵᠥ᠂ ᠶᠠᠳᠠᠭᠤ ᠬᠥᠴᠢᠷᠳᠡᠯᠳᠡᠢ ᠡᠷᠣᠭᠡ ᠶᠢᠨ ᠤᠷᠤᠨ ᠰᠠᠭᠤᠴᠠ ᠶᠢᠨ ᠠᠮᠤᠷ ᠳᠥᠪᠰᠢᠨ ᠢ ᠪᠠᠳᠣᠯᠠᠨ᠎ᠠ᠃      ︵2︶ ᠥᠪᠡᠷ ᠢᠶᠠᠨ ᠵᠠᠰᠠᠨ ᠦᠭᠡᠷᠡᠴᠢᠯᠡᠬᠦ ᠪᠡᠯᠡ ᠬᠤᠷᠠᠮᠳᠤᠭᠤᠯᠬᠤ ᠴᠢᠳᠠᠪᠤᠷᠢ ᠦᠭᠡᠢ ᠶᠠᠳᠠᠭᠤ ᠬᠥᠴᠢᠷᠳᠡᠯᠳᠡᠢ ᠡᠷᠤᠭᠡ ᠶᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠠᠶᠤᠯᠳᠠᠢ ᠭᠡᠷ ᠢ ᠵᠠᠰᠠᠨ ᠥᠭᠡᠷᠡᠴᠢᠯᠡᠬᠦ ᠨᠥᠭᠦᠪᠥᠷᠢ ᠶᠢᠨ ᠪᠠᠷᠢᠮᠵᠢᠶᠠᠨ ᠳᠡᠭᠡᠷ᠎ᠡ᠂ ᠪᠤᠳᠠᠳᠤ ᠪᠠᠶᠢᠳᠠᠯ ᠢ ᠨᠢ ᠥᠨᠳᠥᠰᠥᠯᠡᠨ ᠵᠤᠬᠢᠬᠤ ᠨᠥᠭᠦᠪᠥᠷᠢ ᠣᠯᠭᠤᠨ᠎ᠠ᠃      ︵3︶ ᠬᠤᠰᠢᠭᠤ ᠰᠢᠶᠠᠨ ᠳᠠᠷᠢᠶᠠᠯᠠᠬᠤ ᠤᠷᠤᠨ ᠤ ᠬᠠᠮᠳᠥ ᠨᠠᠶᠢᠳᠠ ᠶᠢᠨ ᠳᠥᠷᠢᠶᠡᠰᠥᠨ ᠭᠡᠷ ᠵᠢᠴᠢ ᠠᠰᠠᠷᠠᠮᠵᠢ ᠶᠢᠨ ᠬᠥᠷᠢᠶᠡᠯᠡᠩ ᠢ ᠨᠢᠭᠡᠳᠥᠯᠳᠡᠢ ᠪᠠᠶᠢᠭᠤᠯᠬᠤ᠂ ᠰᠤᠯᠠ ᠭᠡᠷ ᠪᠠ ᠬᠠᠮᠳᠥ ᠨᠠᠶᠢᠳᠠ ᠶᠢᠨ ᠭᠡᠷ ᠢ ᠠᠰᠢᠭᠯᠠᠨ ᠰᠣᠯᠢᠬᠤ ᠵᠡᠷᠭᠡ ᠬᠡᠯᠪᠡᠷᠢ ᠪᠠᠷ ᠥᠪᠡᠷᠳᠡᠭᠡᠨ ᠬᠤᠷᠠᠮᠳᠤᠭᠤᠯᠬᠤ ᠪᠡᠯᠡ ᠮᠥᠩᠭᠦ ᠪᠠ ᠬᠥᠴᠤ ᠬᠥᠳᠡᠯᠮᠥᠷᠢ ᠮᠠᠲ᠋ᠧᠷᠢᠶᠠᠯ ᠣᠷᠣᠭᠤᠯᠬᠤ ᠴᠢᠳᠠᠪᠥᠷᠢ ᠳᠤᠷᠤᠢ ᠮᠠᠰᠢ ᠶᠠᠳᠠᠭᠤ ᠬᠥᠴᠢᠷᠳᠡᠯᠳᠡᠢ ᠡᠷᠤᠬᠡ ᠶᠢᠨ ᠣᠷᠣᠨ ᠰᠠᠭᠤᠴᠠ ᠶᠢᠨ ᠠᠮᠤᠷ ᠳᠥᠪᠰᠢᠨ ᠤ ᠠᠰᠠᠭᠤᠳᠠᠯ ᠢ ᠪᠠᠳᠣᠯᠠᠭ᠎ᠠ ᠲᠠᠢ ᠰᠢᠢᠳᠪᠥᠷᠢᠯᠡᠨ᠎ᠡ᠃      ᠳᠠᠷᠢᠶᠠᠯᠠᠬᠤ ᠣᠷᠣᠨ ᠤ ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠥᠭᠡᠷᠡᠴᠢᠯᠡᠬᠦ ᠨᠥᠬᠦᠪᠥᠷᠢ ᠬᠥᠷᠳᠡᠬᠦ ᠬᠥᠮᠥᠰ      ︵1︶ ᠳᠠᠷᠬᠠᠨ ᠰᠠᠭᠤᠵᠤ ᠪᠠᠶᠢᠬᠤ ᠳᠠᠪᠤᠨ ᠪᠠᠳᠣᠯᠠᠭᠠᠳᠥ ᠡᠷᠥᠭᠡ      ︵2︶ ᠳᠤᠤᠷ᠎ᠠ ᠪᠠᠳᠣᠯᠠᠭᠠᠳᠥ ᠡᠷᠥᠬᠡ      ︵3︶ ᠶᠠᠳᠠᠭᠤ ᠬᠥᠴᠢᠷᠳᠡᠯᠳᠡᠢ ᠵᠡᠮᠳᠡᠭᠴᠤᠳ ᠤᠨ ᠭᠡᠷ ᠪᠥᠯᠢ      ︵4︶ ᠪᠤᠰᠤᠳ ᠶᠠᠳᠠᠭᠤ ᠬᠥᠴᠢᠷᠳᠡᠯᠳᠡᠢ ᠡᠷᠥᠬᠡ     ᠪᠤᠰᠤᠳ ᠭᠠᠵᠠᠷ ᠨᠡᠭᠦᠯᠭᠡᠨ ᠶᠠᠳᠠᠭᠤ ᠶᠢ ᠳᠡᠳᠬᠦᠬᠦ ᠪᠥᠳᠥᠭᠡᠨ ᠪᠠᠶᠢᠭᠤᠯᠤᠯᠳᠠ ᠶᠢᠨ ᠪᠠᠷᠢᠮᠵᠢᠶ᠎ᠠ      ︽ᠥᠨᠳᠥᠰᠤᠨ ᠠᠴᠠ ᠨᠢ ᠪᠠᠳᠤᠯᠠᠨ᠂ ᠠᠮᠤᠷ ᠳᠥᠪᠰᠢᠨ ᠳᠤᠬᠢᠯᠢᠭ ᠪᠠᠶᠢᠬᠤ︾ ᠵᠡᠷᠴᠢᠮ ᠢᠶᠠᠷ ᠳᠠᠩᠰᠡ ᠺᠠᠷᠲ ᠪᠠᠶᠢᠭᠤᠯᠤᠭᠰᠠᠨ ᠨᠡᠭᠦᠭᠦ ᠡᠷᠥᠬᠡ ᠶᠢᠨ ᠤᠷᠤᠨ ᠰᠠᠭᠤᠴᠠ ᠶᠢᠨ ᠳᠠᠯᠠᠪᠠᠢ ᠶᠢ ᠬᠥᠮᠥᠨ ᠪᠥᠷᠢ25 ᠳᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ᠳᠤ ᠭᠥᠷᠭᠡᠵᠥ᠂ ᠤᠷᠤᠨ ᠰᠠᠭᠤᠴᠠ ᠪᠠᠶᠢᠰᠢᠩ ᠤᠨ ᠰᠠᠭᠤᠷᠢ ᠶᠢᠨ ᠳᠠᠯᠠᠪᠠᠢ ᠶᠢ ᠳᠤᠷ᠎ᠠ ᠪᠠᠷ ᠢᠶᠠᠨ ᠥᠷᠭᠡᠳᠬᠡᠬᠦ ᠶᠢ ᠡᠷᠡᠰ ᠬᠤᠷᠢᠭᠯᠠᠨ᠂ ᠪᠠᠷᠢᠯᠭ᠎ᠠ ᠶᠢᠨ ᠪᠠᠷᠢᠮᠵᠢᠶ᠎ᠠ ᠠᠴᠠ ᠭᠡᠳᠥᠷᠡᠭᠦᠯᠵᠥ ᠪᠤᠯᠬᠤ ᠦᠭᠡᠢ᠃ ᠡᠷᠥᠬᠡ ᠪᠥᠷᠢ ᠶᠢᠨ ᠥᠪᠡᠷᠳᠡᠭᠡᠨ ᠬᠤᠷᠠᠮᠳᠤᠭᠤᠯᠬᠤ ᠪᠠᠶᠢᠰᠢᠩ ᠪᠠᠶᠢᠭᠤᠯᠬᠤ ᠪᠡᠯᠡ ᠮᠥᠩᠭᠦ ᠶᠢ ᠮᠥᠩᠬᠦ ᠶᠢ ᠵᠡᠷᠴᠢᠮ ᠳᠡᠭᠡᠷ᠎ᠡ ᠪᠠᠨ1 ᠳᠥᠮᠡᠨ ᠳᠥᠭᠦᠷᠢᠭ ᠠᠴᠠ ᠭᠡᠳᠥᠷᠡᠭᠦᠯᠵᠥ ᠪᠤᠯᠬᠤ ᠦᠭᠡᠢ᠃      ᠪᠤᠰᠤᠳ ᠭᠠᠵᠠᠷ ᠨᠡᠭᠦᠯᠭᠡᠨ ᠶᠠᠳᠠᠭᠤ ᠶᠢ ᠳᠠᠳᠬᠦᠬᠦ ᠤᠷᠤᠨ ᠰᠠᠭᠤᠴᠠ ᠶᠢᠨ ᠨᠥᠬᠦᠪᠥᠷᠢ ᠶᠢᠨ ᠪᠠᠷᠢᠮᠵᠢᠶ᠎ᠠ      ᠳᠠᠩᠰᠡ ᠺᠠᠷᠲ ᠪᠠᠶᠢᠭᠤᠯᠤᠭᠰᠠᠨ ᠡᠷᠥᠭᠡ ᠳᠤ ᠬᠥᠮᠥᠨ ᠪᠥᠷᠢ ᠶᠢᠨ2 ᠳᠥᠮᠡᠨ ᠳᠥᠭᠦᠷᠢᠭ ᠤᠨ ᠬᠠᠮᠤᠭ ᠳᠤᠤᠷ᠎ᠠ ᠤᠷᠤᠨ ᠰᠠᠭᠤᠴᠠ ᠶᠢᠨ ᠪᠥᠳᠥᠭᠡᠨ ᠪᠠᠶᠢᠭᠤᠯᠤᠯᠳᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠤᠭᠳᠠᠭᠠᠨ᠂ ᠡᠯ᠎ᠡ ᠭᠠᠵᠠᠷ ᠥᠪᠡᠷ ᠤᠨ ᠪᠣᠳᠠᠳᠥ ᠪᠠᠶᠢᠳᠠᠯ ᠢᠶᠠᠨ ᠥᠨᠳᠥᠰᠥᠯᠡᠨ ᠨᠥᠭᠦᠪᠥᠷᠢ ᠶᠢᠨ ᠵᠥᠷᠢᠶ᠎ᠠ ᠪᠠᠨ ᠳᠤᠭᠳᠠᠭᠠᠨ᠎ᠠ᠃ ᠬᠠᠮᠳᠥ ᠨᠡᠭᠦᠨ ᠣᠷᠣᠭᠰᠠᠨ ᠬᠥᠮᠥᠰ ᠤᠨ ᠨᠥᠭᠦᠪᠥᠷᠢ ᠶᠢ ᠬᠥᠮᠥᠨ ᠪᠥᠷᠢ1 ᠳᠥᠮᠡᠨ ᠳᠥᠭᠦᠷᠢᠭ ᠤᠨ ᠪᠠᠷᠢᠮᠵᠢᠶ᠎ᠠ ᠪᠠᠷ ᠳᠤᠭᠳᠠᠭᠠᠵᠤ᠂ ᠨᠥᠬᠦᠪᠥᠷᠢ ᠶᠢ ᠥᠪᠡᠷᠳᠡᠭᠡᠨ ᠵᠠᠰᠠᠬᠤ ᠤᠷᠤᠨ ᠤ ᠱᠠᠳᠣᠨ ᠤ ᠡᠳ᠋ ᠤᠨ ᠵᠠᠰᠠᠭ ᠠᠴᠠ ᠤᠯᠭᠤᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号