ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠮᠡᠳᠡᠪᠡᠰᠦ ᠵᠣᠬᠢᠬᠤ ᠵᠦᠢᠯ ︵ᠠᠷᠪᠠᠨ ᠨᠢᠭᠡ︶
ᠨᠡᠶᠢᠲᠡᠯᠡᠭᠰᠡᠨ ᠴᠠᠭ᠄
2020/7/10
     ᠠᠮᠢ ᠠᠬᠤᠢ ᠶᠢᠨ ᠨᠠᠶᠢᠳᠡ ᠶᠢᠨ ᠠᠰᠠᠷᠠᠮᠵᠢ ᠶᠢᠨ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ᠄      ︵1︶ ᠦᠢᠯᠡᠴᠢᠯᠡᠭᠡᠨ ᠬᠤᠳᠠᠯᠳᠣᠨ ᠠᠪᠬᠤ᠂ ᠳᠣᠰᠬᠠᠢ ᠨᠥᠭᠦᠪᠥᠷᠢ ᠵᠡᠷᠭᠡ ᠬᠡᠯᠪᠡᠷᠢ ᠪᠠᠷ ᠶᠠᠳᠠᠭᠤ ᠬᠥᠴᠢᠷᠳᠡᠯᠳᠡᠢ ᠬᠤᠰᠢᠭᠤ ᠰᠢᠶᠠᠨ ᠳᠤᠳᠣᠷ᠎ᠠ ᠠᠴᠠ ᠨᠢᠭᠡ ᠪᠥᠯᠥᠭ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠳᠣᠬᠢᠷᠠᠬᠤ ᠳᠠᠩᠰᠡ ᠺᠠᠷᠲ ᠪᠠᠶᠢᠭᠤᠯᠤᠭᠰᠠᠨ ᠶᠠᠳᠠᠭᠤ ᠬᠥᠴᠢᠷᠳᠡᠯᠳᠡᠢ ᠬᠥᠮᠥᠰ ᠢ ᠰᠢᠯᠢᠵᠤ᠂ ᠠᠮᠢ ᠠᠬᠤᠢ ᠶᠢᠨ ᠣᠢ ᠰᠢᠭᠤᠢ᠂ ᠨᠤᠳᠤᠭ ᠪᠡᠯᠴᠢᠭᠡᠷ᠂ ᠵᠢᠭᠠᠰᠣ᠂ ᠳᠠᠯᠠᠩ ᠵᠡᠷᠭᠡ ᠶᠢᠨ ᠬᠠᠮᠢᠶᠠᠷᠤᠭᠴᠢ ᠶᠢᠨ ᠠᠵᠢᠯ ᠤᠨ ᠪᠠᠶᠢᠷᠢ ᠳᠤᠬᠢᠷᠠᠭᠤᠯᠤᠨ᠎ᠠ︔      ︵2︶ ᠶᠠᠳᠠᠭᠤ ᠬᠥᠴᠢᠷᠳᠡᠯᠳᠡᠢ ᠬᠤᠰᠢᠭᠤ ᠰᠢᠶᠠᠨ ᠤ ᠬᠠᠷᠢᠶᠠᠨ ᠳᠠᠬᠢ553 ᠤᠯᠤᠰ ᠤᠨ ᠳᠡᠰ ᠤᠨ ᠤᠢ ᠰᠢᠭᠤᠢ ᠶᠢᠨ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ ᠪᠠ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ  ᠶᠢᠨ ᠤᠷᠤᠨ ᠳᠤ᠂ ᠬᠥᠳᠡᠯᠮᠥᠷᠢ ᠶᠢᠨ ᠬᠥᠴᠥᠨ ᠲᠠᠢ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠥᠴᠢᠷᠳᠡᠯᠳᠡᠢ ᠬᠥᠮᠥᠰ ᠢ ᠣᠷᠢᠳᠠᠪᠠᠷ ᠣᠢ ᠰᠢᠭᠤᠢ ᠬᠠᠮᠠᠭᠠᠯᠠᠵᠥ ᠬᠠᠮᠢᠶᠠᠷᠬᠤ᠂ ᠭᠠᠯ ᠤᠨ ᠠᠶᠤᠯ ᠰᠡᠷᠭᠡᠶᠢᠯᠡᠬᠦ ᠪᠠ ᠦᠢᠯᠡᠴᠢᠯᠡᠬᠦ ᠠᠵᠢᠯ ᠳᠤ ᠳᠤᠬᠢᠷᠠᠭᠤᠯᠤᠨ᠎ᠠ᠃      ᠡᠯ᠎ᠡ ᠳᠥᠷᠥᠯ ᠤᠨ ᠶᠠᠳᠠᠭᠤ ᠬᠥᠴᠢᠷᠳᠡᠯᠳᠡᠢ ᠬᠥᠮᠥᠰ ᠤᠨ ᠨᠡᠶᠢᠭᠡᠮ ᠤᠨ ᠪᠠᠳᠣᠯᠠᠭ᠎ᠠ ᠪᠠᠷ ᠳᠡᠮᠵᠢᠭᠦ ᠳᠥᠷᠥ  ᠶᠢᠨ ᠪᠣᠳᠣᠯᠭ᠎ᠠ᠄      ︵1︶ ᠬᠥᠳᠡᠯᠮᠥᠷᠢ ᠶᠢᠨ ᠬᠥᠴᠥ ᠪᠠᠨ ᠪᠥᠷᠢᠮᠥᠰᠥᠨ ᠪᠤᠶᠤ ᠳᠤᠳᠠᠭᠤ ᠠᠯᠳᠠᠵᠤ᠂ ᠮᠠᠯᠵᠢᠬᠤ ᠲᠠᠷᠢᠶᠠᠯᠠᠬᠤ ᠤᠷᠤᠨ ᠤ ᠳᠤᠤᠷ᠎ᠠ ᠪᠠᠳᠤᠯᠠᠭ᠎ᠠ ᠶᠢᠨ ᠳᠥᠷᠥ ᠶᠢᠨ ᠪᠣᠳᠣᠯᠭ᠎ᠠ ᠳᠤ ᠨᠡᠶᠢᠴᠡᠬᠦ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠥᠴᠢᠷᠳᠡᠯᠳᠡᠢ ᠬᠥᠮᠥᠰ ᠢ ᠳᠤᠤᠷ᠎ᠠ ᠪᠠᠳᠣᠯᠠᠭ᠎ᠠ ᠶᠢᠨ ᠭᠡᠪᠴᠢᠶᠠᠨ ᠳᠤ ᠣᠷᠣᠭᠤᠯᠤᠨ᠎ᠠ︔      ︵2︶ ᠳᠠᠷᠢᠶᠠᠯᠠᠬᠤ ᠤᠷᠤᠨ ᠤ ᠤᠨᠴᠠ ᠶᠠᠳᠠᠭᠤ ᠬᠥᠴᠢᠷᠳᠡᠯᠳᠡᠢ ᠬᠥᠮᠥᠰ ᠢ ᠠᠪᠤᠷᠠᠨ ᠳᠡᠳᠬᠦᠨ ᠠᠰᠠᠷᠠᠨ ᠳᠡᠵᠢᠭᠡᠬᠦ ᠳᠥᠷᠥ ᠶᠢᠨ ᠪᠤᠳᠤᠯᠭ᠎ᠠ ᠳᠤ ᠨᠡᠶᠢᠴᠡᠬᠦ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠥᠴᠢᠷᠳᠡᠯᠳᠡᠢ  ᠬᠥᠮᠥᠰ  ᠢ ᠤᠨᠴᠠ ᠬᠥᠴᠢᠷᠳᠡᠯᠳᠡᠢ ᠠᠰᠠᠷᠠᠨ ᠳᠡᠵᠢᠭᠡᠬᠦ ᠬᠡᠪᠴᠢᠶᠠᠨ ᠳᠤ ᠣᠷᠣᠭᠤᠯᠤᠨ᠎ᠠ︔      ︵3︶ ᠭᠡᠷ ᠪᠥᠯᠢ ᠶᠢᠨ ᠪᠥᠷᠢᠯᠳᠥᠭᠦᠨ ᠤ ᠬᠥᠨᠳᠥ ᠡᠪᠡᠳᠴᠢᠨ ᠠᠴᠠ ᠪᠤᠯᠵᠥ ᠶᠠᠳᠠᠭᠤᠷᠠᠭᠰᠠᠨ ᠳᠠᠩᠰᠡ ᠺᠠᠷᠲ ᠪᠠᠶᠢᠭᠤᠯᠤᠭᠰᠠᠨ ᠶᠠᠳᠠᠭᠤ ᠭᠥᠴᠢᠷᠳᠡᠯᠳᠡᠢ ᠭᠡᠷ ᠪᠥᠯᠢ ᠶᠢ ᠤᠨᠴᠠ ᠭᠥᠨᠳᠥ ᠡᠪᠡᠳᠴᠢᠨ ᠤ ᠡᠮ ᠡᠮᠨᠡᠯᠭᠡ ᠶᠢᠨ ᠠᠪᠤᠷᠠᠨ ᠳᠡᠳᠭᠦᠭᠦ ᠬᠡᠪᠴᠢᠶᠡᠨ ᠳᠤ ᠣᠷᠤᠭᠤᠯᠤᠨ᠎ᠠ︔      ︵4︶ ᠭᠡᠨᠡᠳᠳᠡ ᠶᠢᠨ ᠤᠴᠢᠷ ᠠᠴᠠ ᠪᠤᠯᠵᠥ᠂ ᠭᠡᠷ ᠪᠥᠯᠢ ᠶᠢᠨ ᠠᠮᠢᠳᠤᠷᠠᠯ ᠳᠥᠷ ᠴᠠᠭ ᠤᠨ ᠬᠥᠴᠢᠷᠳᠡᠯ ᠳᠤᠯᠠᠭᠠᠷᠠᠭᠰᠠᠨ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠥᠴᠢᠷᠳᠡᠯᠳᠡᠢ ᠭᠡᠷ ᠪᠥᠯᠢ ᠶᠢ ᠳᠥᠷ ᠴᠠᠭ ᠤᠨ ᠠᠪᠥᠷᠠᠨ ᠳᠡᠳᠭᠦᠭᠦ ᠬᠡᠪᠴᠢᠶᠡᠨ ᠳᠤ ᠣᠷᠣᠭᠤᠯᠤᠨ᠎ᠠ᠃      ᠥᠪᠥᠷ ᠮᠤᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠶᠢ ᠰᠢᠪᠳᠤᠯᠬᠤ ᠦᠷ᠎ᠡ ᠪᠥᠳᠥᠮᠵᠢ ᠶᠢ ᠰᠢᠯᠭᠠᠷᠠᠭᠤᠯᠬᠤ ᠠᠭᠤᠯᠭ᠎ᠠ᠄      ᠭᠤᠤᠯᠳᠠᠭᠤ ᠶᠠᠳᠠᠭᠤ ᠡᠷᠥᠭᠡ ᠬᠠᠰᠤᠭᠳᠠᠭᠰᠠᠨ ᠦᠷ᠎ᠡ ᠪᠥᠳᠥᠮᠵᠢ᠂ ᠣᠨᠣᠪᠴᠢᠳᠠᠢ ᠪᠠᠷ ᠬᠠᠪᠰᠤᠷᠤᠨ ᠳᠡᠳᠬᠦᠬᠦ᠂ ᠶᠠᠳᠠᠭᠤ ᠶᠢ ᠳᠡᠳᠭᠦᠭᠦ᠂ ᠶᠠᠳᠠᠭᠤ ᠶᠢ ᠳᠡᠳᠬᠦᠬᠦ ᠪᠡᠯᠡ ᠮᠥᠩᠭᠦ ᠪᠠ ᠰᠤᠷᠳᠠᠯ ᠤᠨ ᠪᠥᠳᠥᠭᠡᠨ ᠪᠠᠶᠢᠭᠤᠯᠤᠯᠳᠠ ᠵᠡᠷᠭᠡ ᠵᠢᠷᠭᠤᠭᠠᠨ ᠲᠠᠯ᠎ᠠ ᠪᠠᠷ ᠰᠢᠯᠭᠠᠷᠠᠭᠤᠯᠤᠯᠳᠠ ᠬᠢᠨ᠎ᠡ᠃ ᠡᠩ ᠤᠨ ᠴᠠᠭ ᠤᠨ ᠡᠵᠡᠮᠳᠡᠯ ᠢᠶᠠᠨ ᠴᠢᠩᠭᠠᠳᠬᠠᠨ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠤᠨ ᠳᠤᠭᠳᠠᠯᠴᠠᠭ᠎ᠠ ᠶᠢ ᠪᠠᠶᠢᠭᠤᠯᠤᠨ ᠳᠡᠭᠦᠯᠳᠡᠷᠵᠢᠭᠦᠯᠵᠤ᠂ ᠶᠠᠳᠠᠭᠤ ᠶᠢ ᠳᠡᠳᠬᠦᠬᠦ ᠪᠡᠯᠡ ᠮᠥᠩᠭᠦ ᠶᠢᠨ ᠠᠰᠢᠭ᠂ ᠰᠠᠬᠢᠯᠭ᠎ᠠ ᠪᠠᠳᠥ ᠪᠠᠶᠢᠴᠠᠭᠠᠬᠤ᠂ ᠰᠣᠨᠢᠨ ᠮᠡᠳᠡᠭᠡᠨ ᠤ ᠣᠬᠠᠭᠤᠯᠭ᠎ᠠ᠂ ᠨᠡᠶᠢᠳᠡᠯᠢᠭ ᠵᠢᠱᠢᠶ᠎ᠡ ᠶᠢ ᠪᠤᠢ ᠪᠤᠯᠭᠠᠬᠤ᠂12317 ᠵᠡᠬᠢᠳᠡᠯ ᠰᠣᠷᠪᠤᠯᠵᠢᠯᠠᠭ᠎ᠠ ᠶᠢᠨ ᠬᠢᠨᠡᠯᠳᠡ ᠳᠡᠯᠪᠢᠨ ᠢᠯᠢᠴᠢᠯᠡᠬᠦ ᠳᠠᠪᠴᠠᠩ᠂ ︽ᠬᠤᠶᠠᠷ ᠳᠤᠳᠠᠬᠤ ᠦᠭᠡᠢ ᠭᠤᠷᠪᠠ ᠶᠢ ᠪᠠᠳᠣᠯᠠᠬᠤ︾ ᠲᠠᠢ ᠨᠢᠭᠳᠠ ᠬᠠᠷᠢᠴᠠᠭ᠎ᠠ ᠲᠠᠢ ᠰᠠᠯᠠᠭ᠎ᠠ ᠮᠥᠴᠢᠷ ᠤᠨ ᠰᠠᠨᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠣᠯᠬᠤ ︽ᠭᠤᠷᠪᠠ ᠶᠢ ᠨᠠᠶᠢᠳᠠᠪᠤᠷᠢᠵᠢᠭᠤᠯᠤᠭᠰᠠᠨ︾᠂ ᠬᠠᠷᠢᠭᠤᠴᠠᠯᠭ᠎ᠠ ᠶᠢᠨ ᠪᠢᠴᠢᠭ ᠢ ᠪᠡᠶᠡᠯᠡᠭᠦᠯᠥᠭᠰᠡᠨ ᠪᠠᠶᠢᠳᠠᠯ ᠢ ᠶᠡᠷᠥᠩᠭᠡᠶᠢᠯᠡᠨ ᠪᠤᠳᠤᠯᠬᠢᠯᠡᠵᠥ᠂ ᠤᠯᠠᠨ ᠳᠠᠯ᠎ᠠ ᠠᠴᠠ ᠪᠠᠶᠢᠴᠠᠭᠠᠨ ᠰᠢᠯᠭᠠᠷᠠᠭᠤᠯᠵᠤ᠂ ᠰᠢᠯᠭᠠᠷᠠᠭᠤᠯᠤᠭᠰᠠᠨ ᠦᠷ᠎ᠡ ᠪᠥᠳᠥᠮᠵᠢ ᠶᠢᠨ ᠰᠢᠨᠵᠢᠯᠡᠬᠦ ᠤᠬᠠᠭᠠᠨᠴᠢ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠳᠡᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号