ᠤᠯᠤᠰ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠳᠤ ᠢᠷᠡᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠵᠢᠯᠣᠭᠤᠳᠤᠨ ᠪᠠᠶᠢᠴᠠᠭᠠᠪᠠ
ᠨᠡᠶᠢᠲᠡᠯᠡᠭᠰᠡᠨ ᠴᠠᠭ᠄
2020-07-16
     7 ᠰᠠᠷ᠎ᠠ ᠶᠢᠨ 13 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠸᠧᠨ ᠵᠢᠶᠧ ᠪᠠᠷ ᠠᠩᠭᠢ ᠳᠠᠭᠠᠭᠤᠯᠣᠭᠰᠠᠨ ᠤᠯᠤᠰ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠳᠤ ᠢᠷᠡᠵᠦ᠂ ᠬᠠᠮᠢᠶ᠎ᠠ ᠪᠥᠬᠦᠶ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃
     ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠹᠦ᠋ ᠷᠦᠢ ᠹᠧᠩ᠂ ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠸᠧᠶ ᠹᠧᠩ᠂ ᠬᠤᠰᠢᠭᠤᠨ ᠤ ᠤᠳᠤᠷᠢᠳᠤᠯᠭ᠎ᠠ ᠯᠢᠦ ᠬᠠᠶ ᠴᠢᠤᠸᠠᠨ᠂ ᠭᠡᠷᠡᠯ ᠨᠡᠷ ᠪᠠᠷ᠎ᠠ ᠪᠣᠯᠵᠣ ᠪᠠᠶᠢᠴᠠᠭᠠᠪᠠ᠃      ᠸᠠᠩ ᠸᠧᠨ ᠵᠢᠶᠧ ᠨᠡᠷ ᠬᠤᠰᠢᠭᠤᠨ ᠤ ᠰᠢᠨ᠎ᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ P2 ᠳᠣᠷᠰᠢᠯᠳᠠ ᠶᠢᠨ ᠲᠠᠰᠤᠭ ᠲᠤ ᠬᠦᠷᠴᠦ᠂ ᠲᠤᠷᠰᠢᠯᠲᠠ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠴᠠᠭᠠᠨᠬᠠᠳᠠ ᠰᠤᠮᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠭᠠᠵᠠᠷ ᠵᠢᠴᠢ ᠴᠠᠭᠠᠨᠬᠠᠳᠠ ᠰᠤᠮᠤᠨ ᠤ ᠬᠠᠳᠠᠨᠬᠤᠰᠢᠭᠤ ᠭᠠᠴᠠᠭᠠᠨ ᠤ ᠴᠠᠭᠠᠡᠷᠭᠢᠨ ᠤ ᠬᠤᠯᠤᠭᠠᠨ᠎ᠠ ᠶᠢᠨ ᠬᠢᠵᠢᠭ ᠤᠨ ᠴᠡᠭ ᠲᠤ ᠬᠦᠷᠴᠦ ᠬᠤᠯᠤᠭᠠᠨ᠎ᠠ ᠤᠰᠠᠳᠬᠠᠬᠤ᠂ ᠨᠣᠭᠠᠶ ᠶᠢᠨ ᠪᠥᠭᠡᠰᠦ ᠶᠢ ᠤᠰᠠᠳᠬᠠᠬᠤ ᠠᠷᠭ᠎ᠠ ᠬᠡᠮᠵᠢᠶ᠎ᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠤᠭᠤᠳᠪᠠ᠃
     ᠸᠠᠩ ᠸᠧᠨ ᠵᠢᠶᠧ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠭᠦᠢᠴᠡᠳ ᠨᠤᠲᠠᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠭᠡᠳᠥ ᠬᠡᠮᠵᠢᠶ᠎ᠡ ᠪᠠᠷ ᠴᠢᠬᠤᠯᠠᠴᠢᠯᠠᠵᠤ᠂ ᠤᠷᠢᠳᠴᠢᠯᠠᠨ ᠲᠥᠯᠥᠪᠯᠡᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠲᠠᠢ ᠪᠠᠶᠢᠨ᠎ᠠ᠃ ᠡᠭᠦᠨ ᠤ ᠳᠤ ᠬᠠᠮᠲᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠬᠤ ᠲᠤᠬᠠᠶ ᠸᠠᠩ ᠸᠧᠨ ᠵᠢᠶᠧ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠠᠴᠠ ᠠᠮᠤᠷ ᠲᠦᠪᠰᠢᠨ᠂ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠦᠨᠳᠦᠷᠴᠡ ᠠᠴᠠ ᠬᠤᠯᠤᠭᠠᠨ᠎ᠠ   ᠶᠢᠨ  ᠬᠢᠵᠢᠭ   ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠲᠠᠨᠢᠵᠤ᠂ ᠤᠯᠤᠰ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠰᠠᠶᠢᠲᠤᠷ ᠬᠢᠵᠤ᠂ ᠬᠤᠯᠤᠭᠠᠨ᠎ᠠ ᠶᠢᠨ ᠬᠢᠵᠢᠭ ᠢ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠳᠤ ᠬᠤᠯᠤᠭᠠᠨ᠎ᠠ ᠶᠢᠨ ᠬᠢᠵᠢᠭ ᠰᠡᠷᠭᠡᠶᠢᠯᠡᠵᠦ ᠪᠣᠯᠬᠤ᠂ ᠡᠵᠡᠮᠳᠡᠵᠦ ᠪᠣᠯᠬᠤ᠂ ᠵᠠᠰᠠᠵᠤ ᠪᠣᠯᠬᠤ ᠶᠢ ᠣᠶᠢᠯᠠᠭᠠᠭᠤᠯᠬᠤ ᠬᠡᠷᠡᠭᠲᠡᠶ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠪᠣᠯᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠥᠷᠢᠯᠡᠬᠦ ᠴᠢᠳᠠᠪᠤᠷᠢ ᠶᠢ ᠳᠡᠭᠡᠭᠰᠢᠯᠡᠭᠦᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠯᠴᠠᠨ ᠨᠡᠪᠲᠡᠷᠡᠯᠴᠡᠵᠦ᠂ ᠪᠠᠷᠢᠮᠵᠢᠶ᠎ᠠ ᠪᠠᠨ ᠨᠢᠭᠡᠳᠬᠡᠵᠦ᠂ ᠬᠤᠯᠤᠭᠠᠨ᠎ᠠ ᠶᠢᠨ ᠨᠢᠭᠲᠠᠴᠠ ᠶᠢᠨ ᠪᠠᠶᠢᠴᠠᠭᠠᠯᠲᠠ ᠪᠠ ᠬᠤᠯᠤᠭᠠᠨ᠎ᠠ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠳᠥᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠡᠬᠡ ᠤᠯᠤᠰ ᠠᠴᠠ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠳᠡᠢ ᠭᠡᠵᠡᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号