ᠰᠢᠤᠸᠠᠢ ᠰᠦᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠪᠠ
ᠨᠡᠶᠢᠲᠡᠯᠡᠭᠰᠡᠨ ᠴᠠᠭ᠄
2020-07-16
     7 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠳᠣ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠡᠷᠬᠢᠯᠡᠭᠴᠢ ᠰᠢᠤᠸᠠᠢ ᠰᠥᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 1 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠥᠨᠵᠡᠭᠡᠶᠢᠷᠡᠭᠦᠯᠬᠦ ᠵᠥᠪᠯᠡᠯ ᠤᠨ 8 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ 6 ᠰᠠᠷ᠎ᠠ ᠶᠢᠨ 29 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠳᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠳᠥᠷᠥ  ᠶᠢᠨ ᠲᠣᠪᠴᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠡᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠡᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ︽︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠶᠡᠭᠡ ᠬᠤᠷᠠᠯ ᠳᠡᠭᠡᠷᠡᠬᠢ ᠶᠠᠷᠢᠶ᠎ᠠ︾᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠱᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠳᠡᠭᠡᠷ᠎ᠡ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠵᠢᠴᠢ ᠸᠠᠩ ᠬᠤᠩ ᠯᠢᠦᠶ ᠡᠷᠬᠢᠯᠡᠭᠴᠢ ᠶᠢᠨ ᠪᠥᠬᠦ ᠤᠯᠤᠰ ᠤᠨ ᠬᠤᠲᠠ ᠰᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠳᠡᠭᠡᠷ᠎ᠡ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠭᠤᠤᠯ ᠰᠡᠳᠦᠪ ᠴᠢᠬᠤᠯᠠ᠂ ᠴᠢᠬᠤᠯᠠ ᠶᠡᠭᠡ ᠠᠴᠢ ᠬᠤᠯᠪᠣᠭᠳᠠᠯ ᠲᠠᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠵᠥᠪ ᠢᠶᠠᠷ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠥᠬᠦ ᠬᠤᠰᠢᠭᠤᠨ ᠳᠤ ᠨᠠᠶᠢᠳᠠᠪᠥᠷᠢᠵᠢᠭᠤᠯᠬᠤ ᠶᠢ ᠦᠨᠡᠨ ᠬᠦ ᠪᠠᠳᠣᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠪᠣᠳᠠᠲᠠᠶ ᠠᠳᠬᠤᠵᠤ᠂ ᠤᠳᠤᠷᠢᠳᠬᠤ ᠺᠠᠳ᠋ᠷᠴᠤᠳ ᠪᠡᠶ᠎ᠡ ᠪᠠᠨ ᠳᠣᠤᠷ᠎ᠠ ᠪᠠᠶᠢᠯᠭᠠᠵᠤ᠂ ᠦᠨᠳᠦᠰᠦᠨ ᠱᠠᠲᠤᠨ ᠳᠤ ᠣᠷᠣᠵᠤ᠂ ᠠᠷᠠᠳ ᠤᠨ ᠰᠡᠳᠬᠢᠯ ᠳᠤ ᠨᠠᠭᠠᠯᠳᠤᠵᠤ᠂ ᠰᠠᠨᠠᠭᠤᠯᠭ᠎ᠠ ᠳᠤᠷᠠᠳᠴᠤ᠂ ᠶᠡᠷᠦᠩᠬᠡᠶᠢᠯᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠵᠣᠷᠢᠯᠲᠠ ᠶᠢ ᠤᠬᠠᠭᠤᠯᠬᠤ ᠂ ᠨᠠᠮ ᠤᠨ ᠲᠣᠭᠲᠠᠭᠠᠯ ᠢ ᠲᠤᠤᠱᠯᠠᠭᠤᠯᠬᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠳᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠳᠠᠪᠤᠷᠢᠲᠠᠨ ᠤ ᠬᠥᠭᠵᠢᠯᠲᠡ ᠶᠢᠨ ᠳᠤᠭᠳᠠᠴᠠ ᠶᠢᠨ ᠰᠢᠨ᠎ᠡ ᠶᠢ ᠡᠭᠦᠳᠴᠦ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠴᠢᠩᠭ᠎ᠠ ᠬᠠᠮᠢᠶᠠᠷᠬᠤ ᠪᠠ ᠭᠦᠨ ᠵᠤᠵᠠᠭᠠᠨ ᠬᠠᠶᠢᠷᠠᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠠᠮᠢ ᠠᠬᠤᠶ ᠶᠢ ᠡᠷᠡᠰ ᠴᠡᠪᠡᠷᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠪᠦᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠭᠦᠷᠭᠡ ᠨᠡᠯᠢᠶᠡᠳ ᠬᠦᠨᠳᠦ ᠪᠠᠶᠢᠨ᠎ᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠢᠢᠯᠠᠭᠠᠨ ᠨᠠᠶᠢᠳᠠᠪᠤᠷᠢᠵᠢᠭᠤᠯᠵᠤ᠂ ᠠᠷᠠᠳ ᠳᠥᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠤᠨ ᠪᠡᠯᠡᠳᠬᠡᠯ ᠲᠥᠰᠦᠯ ᠪᠠᠴᠢᠮ ᠪᠠᠶᠢᠳᠠᠯ ᠢ ᠠᠷᠭᠠᠴᠠᠵᠤ᠂ ᠭᠠᠮᠰᠢᠭ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠬᠤ᠂ ᠪᠣᠳᠠᠲᠤ ᠳᠠᠶᠢᠨ ᠤ ᠰᠣᠷᠢᠯᠲᠠ ᠬᠢᠬᠦ᠂ ᠡᠳ᠋ ᠪᠣᠳᠠᠰ ᠤᠨ ᠪᠡᠯᠡᠳᠬᠡᠯ ᠵᠡᠷᠭᠡ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ᠃ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠥ᠂ ᠰᠦᠯᠵᠢᠶᠡᠨ ᠤ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠭ᠎ᠠ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠳᠠᠮᠵᠢᠭᠤᠯᠬᠤ ᠲᠣᠭᠲᠠᠴᠠ ᠶᠢ ᠪᠠᠶᠢᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ︽ᠡᠴᠦᠰ ᠤᠨ ᠨᠢᠭᠡ ᠺᠢᠯᠣᠮᠧᠲᠷ︾ ᠢ ᠪᠦᠬᠦ ᠲᠠᠯ᠎ᠠ ᠪᠠᠷ ᠰᠠᠭᠠᠳ ᠦᠭᠡᠢ ᠨᠡᠪᠳᠡᠷᠡᠭᠦᠯᠵᠥ᠂ ᠡᠯ᠎ᠡ ᠲᠥᠷᠥᠯ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠭᠤᠤᠯ ᠤᠨ ᠵᠠᠮ ᠤᠨ ᠭᠤᠤᠯᠳᠠᠯᠭ᠎ᠠ ᠲᠠᠢ ᠬᠡᠰᠡᠭ ᠤᠨ ᠡᠳᠦᠷ ᠲᠤᠲᠤᠮ ᠤᠨ ᠬᠠᠮᠢᠶᠠᠷᠤᠨ ᠬᠠᠮᠠᠭᠠᠯᠠᠬᠤ ᠪᠠ ᠳᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠠᠵᠠᠷ ᠰᠢᠷᠣᠶ ᠶᠢ ᠬᠠᠮᠠᠭᠠᠯᠠᠬᠤ ᠬᠠᠷᠢᠭᠤᠴᠠᠯᠭ᠎ᠠ ᠲᠠᠢ᠂ ᠭᠠᠵᠠᠷ ᠰᠢᠷᠣᠶ ᠶᠢ ᠬᠠᠮᠠᠭᠠᠯᠠᠬᠤ ᠬᠠᠷᠢᠭᠤᠴᠠᠯᠭ᠎ᠠ ᠪᠠᠨ ᠬᠥᠢᠴᠡᠳᠬᠡᠭᠦ  ᠶᠢ ᠦᠨᠡᠨᠬᠦ ᠪᠡᠶᠡᠯᠡᠭᠦᠯᠵᠤ᠂ ᠬᠤᠰᠢᠭᠤᠨ ᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠨ᠎ᠠ᠃      ᠬᠤᠷᠠᠯ ᠠᠴᠠ ︽ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠭᠡᠰᠢᠭᠦᠨ ᠡᠯᠰᠡᠬᠦ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠬᠦ ᠠᠵᠢᠯ ᠤᠨ ᠬᠡᠷᠡᠭᠵᠢᠭᠦᠯᠬᠦ ᠲᠥᠰᠦᠯ︾᠂ ︽ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ︿ᠬᠠᠮᠤᠭ ᠤᠨ ᠬᠦᠴᠦᠷᠬᠡᠭ ᠨᠠᠮ ᠤᠨ ᠡᠭᠦᠷ﹀ ᠤᠨ ᠪᠠᠶᠢᠭᠤᠯᠤᠯᠲᠠ ᠶᠢ ᠬᠡᠷᠡᠭᠵᠢᠭᠦᠯᠬᠦ ᠲᠥᠰᠦᠯ︾ ᠢ ᠰᠤᠳᠤᠯᠤᠨ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号