ᠡᠯ᠎ᠡ ᠰᠢᠯᠭᠠᠭᠤᠯᠤᠭᠰᠠᠳ ᠲᠤ᠄ | ᠰᠢᠨ᠎ᠡ ᠳᠢᠳᠢᠮᠯᠢᠭ ᠠᠭᠤᠰᠬᠢᠨ ᠥᠷᠪᠢᠰᠤᠯ ᠤᠨ ᠬᠢᠵᠢᠭ ᠤᠨ ᠨᠥᠯᠥᠭᠡ ᠠᠴᠠ᠂ ᠤᠤᠯ ᠤᠨ2020 ᠤᠨ | ᠤ3 ᠰᠠᠷ᠎ᠠ ᠶᠢᠨ21 ᠤ ᠡᠳᠥᠷ ᠰᠢᠯᠭᠠᠬᠤ ᠪᠠᠷ ᠳᠤᠭᠳᠠᠭᠰᠠᠨ ᠪᠤᠭᠤᠳᠥ ᠬᠤᠳᠠ ᠶᠢᠨ ᠠᠵᠢᠯ ᠦᠢᠯᠡᠰ ᠤᠨ ᠨᠢᠭᠡᠴᠡ | ᠶᠢᠨ ᠢᠯᠡ ᠪᠠᠷ ᠠᠵᠢᠯᠳᠡᠨ ᠡᠯᠰᠡᠬᠦ ᠪᠢᠷ ᠤᠨ ᠰᠢᠯᠭᠠᠯᠳᠡ ᠶᠢᠨ ᠴᠠᠭ ᠢ ᠬᠤᠶᠢᠰᠢᠯᠠᠭᠤᠯᠪᠠ᠃ ᠤᠳᠤ ᠬᠢᠵᠢᠭ ᠤᠨ | ᠪᠠᠶᠢᠳᠠᠯ ᠨᠡᠯᠢᠶᠡᠳ ᠳᠤᠭᠳᠠᠭᠤᠨ ᠪᠠᠶᠢᠵᠤ᠂ ᠪᠤᠭᠤᠳᠤ ᠬᠤᠳᠠ ᠶᠢᠨ ᠰᠢᠨ᠎ᠡ ᠳᠢᠳᠢᠮᠯᠢᠭ ᠠᠭᠤᠰᠬᠢᠨ ᠥᠷᠪᠢᠰᠤᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠵᠥᠪᠰᠢᠶᠡᠷᠡᠯ ᠢᠶᠠᠷ᠂2019 ᠤᠨ ᠤ ᠪᠤᠭᠤᠳᠥ | ᠬᠤᠳᠠ ᠶᠢᠨ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠳᠡᠨ ᠡᠯᠰᠡᠬᠦ ᠪᠢᠷ ᠤᠨ ᠰᠢᠯᠭᠠᠯᠳᠠ ᠶᠢᠨ ᠴᠠᠭ | ᠢ2020 ᠣᠨ ᠤ8 ᠰᠠᠷ᠎ᠠ ᠶᠢᠨ9 ᠤ ᠡᠳᠥᠷ ᠰᠢᠯᠭᠠᠬᠤ ᠪᠠᠷ ᠳᠤᠭᠳᠠᠭᠠᠪᠠ᠃ ᠡᠯ᠎ᠡ ᠰᠢᠯᠭᠠᠭᠤᠯᠤᠭᠰᠠᠳ ᠬᠢᠵᠢᠭ ᠢ | ᠰᠡᠷᠭᠡᠶᠢᠯᠡᠬᠦ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠥ᠂ ᠬᠤᠪᠢ ᠪᠠᠶ᠎ᠠ ᠶᠢᠨ ᠡᠷᠡᠭᠦᠯ ᠬᠠᠮᠠᠭᠠᠯᠠᠯ ᠤᠨ ᠠᠵᠢᠯ ᠢ | ᠰᠠᠶᠢᠳᠤᠷ ᠬᠢᠬᠦ ᠬᠡᠷᠡᠭᠳᠡᠢ᠃ ᠰᠢᠯᠭᠠᠯᠳᠠ ᠠᠴᠠ ᠡᠮᠥᠨ᠎ᠡ ᠭᠠᠳᠠᠭᠰᠢ ᠭᠠᠷᠬᠤ ᠪᠤᠶᠤ ᠴᠢᠬᠤᠯᠠ ᠪᠤᠰᠤ ᠤᠴᠢᠷ ᠶᠠᠪᠤᠳᠠᠯ | ᠤᠨ ᠳᠥᠯᠥᠭᠡ ᠣᠯᠠᠨ ᠬᠥᠮᠥᠨ ᠴᠤᠭᠯᠠᠷᠠᠭᠰᠠᠨ ᠭᠠᠵᠠᠷ ᠤᠴᠢᠬᠤ ᠶᠢ ᠰᠠᠨᠠᠭᠠᠴᠢᠯᠠᠭ᠎ᠠ ᠠᠴᠠ ᠪᠠᠨ ᠪᠠᠭᠠᠰᠬᠠᠵᠤ᠂ | ᠬᠢᠵᠢᠭ ᠤᠨ ᠪᠠᠶᠢᠳᠠᠯ ᠤᠨ ᠳᠥᠭᠰᠢᠭᠦᠷᠢ ᠶᠢᠨ ᠳᠡᠰ ᠨᠢ ᠳᠤᠮᠳᠠ᠂ ᠥᠨᠳᠥᠷ ᠭᠠᠵᠠᠷ ᠢᠶᠠᠷ ᠤᠴᠢᠬᠤ ᠶᠢ ᠴᠡᠭᠡᠷᠯᠡᠨ᠎ᠡ᠃ | | ᠨᠡᠶᠢᠳᠡ ᠶᠢᠨ ᠮᠠᠰᠢᠨ ᠳᠡᠷᠭᠡᠨ ᠳᠤ ᠰᠠᠭᠤᠬᠤ ᠦᠶᠡᠰ ᠠᠮᠠᠨ ᠤ ᠬᠠᠪᠠᠭ ᠵᠡᠭᠦᠵᠤ᠂ ᠵᠠᠮ ᠳᠤᠮᠳᠠᠬᠢ | ᠰᠡᠷᠭᠡᠶᠢᠯᠡᠯᠳᠡ ᠪᠠᠨ ᠴᠢᠩᠭᠠᠳᠬᠠᠨ᠂ ᠬᠥᠮᠥᠨ ᠬᠥᠮᠥᠨ ᠤ ᠬᠤᠭᠤᠷᠤᠨᠳᠤᠬᠢ ᠵᠠᠢ ᠪᠠᠨ ᠵᠤᠬᠢᠰᠲᠡᠢ ᠳᠤᠬᠢᠷᠠᠭᠤᠯᠵᠤ᠂ | ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠲᠠᠢ ᠬᠥᠷᠤᠯᠴᠡᠬᠦ ᠦᠭᠡᠢ ᠪᠠᠶᠢᠬᠤ ᠶᠢ ᠪᠠᠳᠤᠯᠠᠬᠤ | ᠶᠢᠨ ᠬᠠᠮᠳᠥ ᠠᠷᠢᠭᠤᠳᠬᠠᠬᠤ ᠠᠵᠢᠯ ᠢᠶᠠᠨ ᠴᠠᠭ ᠳᠣᠬᠠᠢ ᠳᠤᠨᠢ ᠬᠢᠵᠤ᠂ ᠳᠤᠰ ᠪᠠᠶ᠎ᠠ ᠶᠢᠨ ᠡᠷᠡᠭᠦᠯ ᠮᠡᠨᠳᠥ ᠪᠠᠨ | ᠠᠩᠬᠠᠷᠤᠨ ᠰᠢᠯᠭᠠᠯᠳᠡ ᠪᠠᠨ ᠬᠠᠷᠰᠢᠯᠠᠬᠤ ᠠᠴᠠ ᠰᠡᠷᠭᠡᠶᠢᠯᠡᠨ᠎ᠡ᠃ ᠡᠷᠡᠭᠦᠯ ᠮᠡᠨᠳᠥ ᠶᠢᠨ ᠱᠠᠭᠠᠷᠳᠠᠯᠭ᠎ᠠ ᠪᠠ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠱᠠᠭᠠᠷᠳᠠᠯᠭ᠎ᠠ ᠳᠤ ᠵᠤᠬᠢᠴᠠᠬᠤ ᠦᠭᠡᠢ ᠠᠴᠠ ᠪᠤᠯᠵᠤ ᠰᠢᠯᠭᠠᠯᠳᠠ ᠠᠴᠠ | ᠬᠤᠵᠢᠮᠳᠠᠭᠰᠠᠨ ᠦᠷ᠎ᠡ ᠳ᠋ᠦᠩ ᠢ ᠰᠢᠯᠭᠠᠭᠤᠯᠤᠭᠰᠠᠳ ᠥᠪᠡᠷ ᠢᠶᠠᠨ ᠬᠠᠷᠢᠭᠤᠴᠠᠬᠤ ᠬᠡᠷᠡᠭᠳᠡᠢ᠃ ᠪᠢᠷ ᠤᠨ | ᠰᠢᠯᠭᠠᠯᠳᠠ ᠶᠢᠨ ᠠᠷᠤ ᠳᠠᠯ᠎ᠡ ᠶᠢᠨ ᠪᠤᠳᠠᠳᠠᠢ ᠳᠤᠬᠢᠷᠠᠭᠤᠯᠤᠯᠳᠠ ᠶᠢ ᠤᠶᠢᠷ᠎ᠠ ᠶᠢᠨ ᠬᠤᠭᠤᠴᠠᠭᠠᠨ ᠳᠤ ᠳᠡᠬᠢᠵᠤ | ᠮᠡᠳᠡᠭᠳᠡᠨ᠎ᠡ᠃ ᠪᠤᠭᠤᠳᠥ ᠬᠤᠳᠠ ᠶᠢᠨ ᠬᠥᠮᠥᠨ ᠤ ᠬᠥᠴᠥᠨ ᠤ ᠡᠬᠢ ᠰᠤᠷᠪᠤᠯᠵᠢ ᠪᠤᠯᠤᠨ ᠨᠡᠶᠢᠭᠡᠮ ᠤᠨ ᠪᠠᠳᠤᠯᠠᠭ᠎ᠠ | ᠶᠢᠨ ᠳᠤᠪᠴᠢᠶᠠᠨ ᠤ ᠠᠯᠪᠠᠨ ᠰᠥᠯᠵᠢᠶ᠎ᠠ ︵http://rsj.baotou.gov.cn/︶ ᠪᠠ ︽ᠪᠤᠭᠤᠳᠥ ᠬᠤᠳᠠ | ᠶᠢᠨ ᠬᠥᠮᠥᠨ ᠤ ᠬᠥᠴᠥᠨ ᠨᠡᠶᠢᠭᠡᠮ ᠤᠨ ᠪᠠᠳᠤᠯᠠᠭ᠎ᠠ︾ ᠸᠢᠴᠠᠲ ᠤᠨ ᠤᠯᠠᠨ ᠨᠡᠶᠢᠳᠡ ᠶᠢᠨ ᠳᠡᠪᠴᠡᠩ ᠤᠨ ᠬᠠᠮᠢᠶ᠎ᠠ | ᠪᠥᠭᠦᠢ ᠮᠡᠳᠡᠭᠡ ᠵᠠᠩᠭᠢ ᠳᠤ ᠠᠩᠬᠠᠷᠤᠯ ᠢᠶᠠᠨ ᠬᠠᠨᠳᠤᠭᠤᠯᠤᠭᠠᠷᠠᠢ︕ | | | ᠪᠤᠭᠤᠳᠥ ᠬᠤᠳᠠ ᠶᠢᠨ ᠠᠵᠢᠯ ᠦᠢᠯᠡᠰ ᠤᠨ ᠨᠢᠭᠡᠴᠡ ᠶᠢᠨ | ᠢᠯᠡ ᠪᠠᠷ ᠠᠵᠢᠯᠳᠡᠨ ᠡᠯᠰᠡᠬᠦ ᠠᠯᠪᠠᠨ ᠭᠡᠷ | 2020 ᠤᠨ ᠤ7 ᠰᠠᠷᠠᠶᠢᠨ13 ᠤ ᠡᠳᠥᠷ |