ᠯᠢᠦ ᠬᠠᠢ ᠴᠢᠤᠸᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠵᠤ ᠰᠢᠪᠠᠳᠠᠭᠤᠯᠪᠠ
ᠨᠡᠶᠢᠲᠡᠯᠡᠭᠰᠡᠨ ᠴᠠᠭ᠄
2020-07-17
     7 ᠰᠠᠷ᠎ᠠ ᠶᠢᠨ 15 ᠤ ᠡᠳᠦᠷ ᠤᠨ ᠦᠳᠡ ᠬᠤᠶᠢᠨ᠎ᠠ᠂ ᠳᠠᠷᠬᠠᠨ ᠮᠤᠤᠮᠢᠩᠭᠠᠨ ᠬᠤᠯᠪᠤᠭᠠᠲᠣ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠢᠮᠳᠠᠭᠤᠯᠤᠨ ᠪᠠᠶᠢᠴᠠᠭᠠᠵᠤ᠂ ᠠᠶᠢᠪᠠᠭ᠎ᠠ ᠭᠤᠤᠯ ᠤᠨ ᠪᠠᠲᠤᠬᠠᠭᠠᠯᠭ᠎ᠠ ᠪᠠᠯᠭᠠᠰᠤᠨ ᠤ ᠬᠡᠰᠡᠭ ᠤᠨ ᠭᠤᠤᠯ ᠮᠥᠷᠡᠨ ᠤ ᠤᠰᠤᠨ ᠣᠷᠣᠨ ᠤ ᠣᠳᠣᠬᠢ ᠪᠠᠶᠢᠳᠠᠯ᠂ ᠭᠤᠤᠯ ᠤᠨ ᠵᠠᠮ ᠤᠨ ᠵᠠᠰᠠᠯᠲᠠ ᠶᠢᠨ ᠠᠵᠢᠯ ᠤᠨ ᠪᠠᠶᠢᠳᠠᠯ ᠵᠢᠴᠢ ᠭᠤᠤᠯ ᠤᠨ ᠵᠠᠮ ᠤᠨ ᠡᠷᠭᠢ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃
     ᠯᠢᠦ ᠬᠠᠢ ᠴᠢᠤᠸᠠᠨ ᠵᠢᠭᠠᠵᠤ ᠭᠠᠷᠭᠠᠭᠰᠠᠨ ᠨᠢ᠂ ᠦᠶᠡᠷ ᠢ ᠰᠡᠷᠭᠡᠶᠢᠯᠡᠵᠦ ᠭᠠᠩ  ᠬᠠᠭᠰᠠᠷᠠᠭᠠᠨ ᠲᠠᠢ ᠲᠡᠮᠡᠴᠡᠬᠦ ᠠᠵᠢᠯ ᠨᠢ ᠠᠷᠠᠳ ᠣᠯᠠᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠬᠤᠯᠪᠣᠭᠳᠠᠵᠤ ᠪᠠᠶᠢᠨ᠎ᠠ᠃ ᠪᠦᠬᠦ ᠬᠤᠰᠢᠭᠤ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠦᠶᠡᠷ ᠢ ᠰᠡᠷᠭᠡᠶᠢᠯᠡᠨ ᠦᠶᠡᠷ ᠲᠠᠢ ᠲᠡᠮᠡᠴᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠭᠠᠮᠰᠢᠭ ᠢ ᠰᠡᠷᠭᠡᠶᠢᠯᠡᠵᠦ᠂ ᠭᠠᠮᠰᠢᠭ ᠠᠴᠠ ᠠᠪᠤᠷᠠᠬᠤ ᠰᠣᠷᠢᠯᠲᠠ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ︽ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ︾ ᠱᠠᠭᠠᠷᠳᠠᠯᠭ᠎ᠠ ᠶᠢ ᠪᠣᠳᠠᠳᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃
     ᠯᠢᠦ ᠬᠠᠢ ᠴᠢᠤᠸᠠᠨ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ︽ᠨᠢᠭᠡ ᠬᠥᠯᠭᠡ ᠰᠢᠲᠠᠷ᠎ᠠ︾ ᠪᠠᠶᠢᠬᠤ ᠦᠵᠡᠯ ᠰᠠᠨᠠᠭ᠎ᠠ ᠶᠢ ᠪᠤᠢ ᠪᠤᠯᠭᠠᠵᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠪᠠ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠬᠡᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠭᠦᠨᠵᠡᠭᠡᠶ ᠪᠥᠭᠡᠳ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ︔ ᠦᠶᠡᠷ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠪᠠᠲᠤᠯᠠᠭ᠎ᠠ ᠶᠢ ᠴᠢᠩᠭᠠᠳᠬᠠᠵᠤ᠂ ᠪᠡᠯᠡᠳᠬᠡᠬᠦ ᠠᠴᠠ ᠪᠢᠰᠢ ᠬᠡᠷᠡᠭᠯᠡᠬᠦ ᠦᠭᠡᠢ᠂ ᠬᠡᠷᠡᠭᠯᠡᠵᠦ ᠪᠣᠯᠬᠤ ᠦᠭᠡᠢ ᠪᠣᠯ ᠪᠡᠯᠡᠳᠬᠡᠯ ᠬᠢᠬᠦ ᠦᠭᠡᠢ ᠪᠠᠶᠢᠵᠤ᠂ ᠶᠡᠭᠡ ᠦᠶᠡᠷ ᠢ ᠰᠡᠷᠭᠡᠶᠢᠯᠡᠬᠦ᠂ ᠭᠠᠩ ᠬᠠᠭᠰᠠᠷᠠᠭᠠᠨ  ᠢ ᠰᠡᠷᠭᠡᠶᠢᠯᠡᠬᠦ᠂ ᠶᠡᠭᠡ ᠭᠠᠮᠰᠢᠭ ᠢ ᠠᠪᠤᠷᠠᠬᠤ ᠪᠡᠯᠡᠳᠬᠡᠯ ᠲᠥᠰᠦᠯ ᠢ ᠡᠷᠲᠡᠬᠡᠨ ᠬᠢᠵᠤ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠵᠡᠷᠭᠡ ᠠᠵᠢᠯ ᠢ ᠴᠢᠩᠭᠠᠳᠬᠠᠵᠤ᠂ ᠦᠶᠡᠷ ᠶᠠᠪᠤᠭᠤᠯᠬᠤ ᠭᠤᠤᠯ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ︔ ᠭᠤᠤᠯ ᠤᠨ ᠵᠠᠮ ᠢ ᠴᠡᠭᠴᠡᠯᠡᠨ ᠵᠠᠰᠠᠬᠤ ᠪᠠ ᠬᠤᠷᠠᠭᠰᠠᠨ ᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠭᠤᠤᠯ ᠨᠢ ᠰᠠᠭᠠᠳ ᠥᠬᠡᠶ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠮᠠ ᠴᠢᠤᠸᠠᠨ ᠸᠠᠩ᠂ ᠮᠥᠩᠭᠡᠪᠠᠭᠠᠳᠣᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号