ᠳᠠᠭᠤᠷᠢᠶᠠᠮᠠᠯ ᠪᠣᠳᠠᠲᠤ ᠪᠠᠶᠢᠯᠳᠤᠭᠠᠨ
ᠨᠡᠶᠢᠲᠡᠯᠡᠭᠰᠡᠨ ᠴᠠᠭ᠄
2020-07-17
     ᠬᠤᠰᠢᠭᠤᠨ ᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠥᠷᠭᠡᠨ ᠣᠯᠠᠨ ᠳᠥᠮᠡᠨ ᠪᠣᠯᠤᠨ ᠺᠠᠳ᠋ᠷ ᠠᠵᠢᠯᠲᠠᠨ ᠠᠵᠢᠯᠴᠢᠨ ᠤ ᠦᠶᠡᠷ ᠢ ᠰᠡᠷᠭᠡᠶᠢᠯᠡᠨ ᠭᠠᠩ  ᠬᠠᠭᠰᠠᠷᠠᠭᠠᠨ ᠲᠠᠢ ᠳᠠᠮᠠᠴᠠᠨ᠂ ᠭᠠᠮᠰᠢᠭ ᠠᠴᠠ ᠠᠪᠤᠷᠠᠵᠤ᠂ ᠠᠶᠤᠯ ᠠᠴᠠ ᠵᠠᠶᠢᠯᠠᠨ᠂ ᠥᠪᠡᠷ ᠢ ᠪᠠᠨ ᠠᠪᠤᠷᠠᠬᠤ ᠤᠬᠠᠮᠰᠠᠷ ᠪᠣᠯᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠳᠥᠯᠥᠭᠡ᠂ 7 ᠰᠠᠷ᠎ᠠ ᠶᠢᠨ 16 ᠤ ᠡᠳᠦᠷ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠸᠠᠩ ᠬᠤᠸᠠ ᠲᠠᠨ ᠤᠰᠤᠨ ᠴᠥᠭᠦᠷᠥᠮ ᠳᠤ ᠢᠷᠡᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠰᠣᠷᠢᠯᠲᠠ ᠬᠢᠵᠡᠶ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠤᠰᠤᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠳᠣᠬᠠᠭᠠᠯᠭ᠎ᠠ ᠪᠠᠯᠭᠠᠰᠤᠨ ᠤ ᠵᠠᠰᠠᠭ ᠤᠨ ᠣᠷᠳᠣᠨ᠂ ᠤᠰᠤᠨ ᠴᠥᠭᠦᠷᠥᠮ ᠤᠨ ᠬᠠᠮᠢᠶᠠᠷᠤᠯᠲᠠ ᠶᠢᠨ ᠭᠠᠵᠠᠷ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠴᠠᠭ ᠠᠭᠤᠷ ᠤᠨ ᠲᠣᠪᠴᠢᠶ᠎ᠠ ᠰᠣᠷᠢᠯᠲᠠ ᠳᠤ ᠣᠷᠣᠯᠴᠠᠪᠠ᠃      ᠲᠣᠰ ᠤᠳᠠᠭᠠᠨ ᠤ ᠰᠣᠷᠢᠯᠲᠠ ᠳᠤ᠂ ᠮᠡᠳᠡᠭᠡ ᠵᠠᠩᠭᠢ᠂ ᠰᠢᠯᠵᠢᠭᠦᠯᠦᠨ ᠲᠣᠬᠢᠷᠠᠭᠤᠯᠬᠤ᠂ ᠡᠷᠡᠭᠦᠯ ᠬᠠᠮᠠᠭᠠᠯᠠᠯ᠂ ᠡᠮᠬᠢ ᠳᠢᠭᠯᠢᠮ ᠢ ᠬᠠᠮᠠᠭᠠᠯᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠲᠠᠪᠤᠨ ᠳᠤᠭᠤᠶᠢᠯᠠᠩ᠂ ᠬᠤᠶᠠᠷ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠨᠡᠶᠢᠲᠡ 98 ᠬᠥᠮᠦᠨ ᠣᠷᠣᠯᠴᠠᠵᠤ᠂ ᠣᠯᠠᠨ ᠲᠦᠮᠡᠨ ᠢ ᠲᠦᠷᠭᠡᠨ ᠲᠠᠷᠬᠠᠭᠠᠨ ᠰᠢᠯᠵᠢᠭᠦᠯᠬᠦ᠂ ᠲᠦᠷᠭᠡᠨ ᠬᠥᠳᠡᠯᠦᠩᠭᠦᠶ ᠪᠠᠷ ᠠᠪᠤᠷᠠᠨ ᠲᠤᠰᠠᠯᠠᠬᠤ ᠵᠡᠷᠭᠡ ᠠᠭᠤᠯᠭ᠎ᠠ ᠪᠠᠷ ᠭᠤᠤᠯᠯᠠᠭᠤᠯᠤᠨ᠂ ᠬᠠᠭᠤᠷᠠᠶ ᠳᠡᠭᠡᠷᠡᠬᠢ ᠪᠠ ᠤᠰᠤᠨ ᠳᠡᠭᠡᠷᠡᠬᠢ ᠠᠶᠤᠯ ᠠᠴᠠ ᠠᠪᠤᠷᠠᠨ ᠲᠤᠰᠠᠯᠠᠬᠤ ᠡᠭᠦᠷᠭᠡ ᠶᠢ ᠥᠷᠨᠢᠭᠦᠯᠪᠡ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号