ᠥᠨᠳᠥᠰᠥᠳᠡᠨ ᠤ ᠬᠡᠥᠬᠡᠳ ᠤᠨ ᠴᠡᠴᠡᠷᠯᠢᠭ ᠤᠨ ᠠᠩᠬᠠᠳᠤᠭᠠᠷ ᠤᠳᠠᠭᠠᠨ ᠤ ᠮᠤᠩᠭᠤᠯ ᠪᠥᠬᠡ ᠶᠢᠨ ᠤᠷᠢᠯᠭᠠᠲᠥ ᠪᠠᠷᠢᠯᠳᠤᠭᠠᠨ ᠶᠠᠪᠤᠭᠳᠠᠭᠰᠠᠨ
ᠨᠡᠶᠢᠲᠡᠯᠡᠭᠰᠡᠨ ᠴᠠᠭ᠄
2020-07-17
     7 ᠰᠠᠷᠠᠶᠢᠨ17 ᠤ ᠡᠳᠥᠷ ᠤᠨ ᠦᠳᠡ ᠶᠢᠨ ᠡᠮᠥᠨ᠎ᠡ᠂ ᠥᠨᠳᠥᠰᠥᠳᠡᠨ ᠤ ᠬᠡᠥᠬᠡᠳ ᠤᠨ ᠴᠡᠴᠡᠷᠯᠢᠭ ᠤᠨ ᠠᠩᠬᠠᠳᠤᠭᠠᠷ ᠤᠳᠠᠭᠠᠨ ᠤ ᠮᠤᠩᠭᠤᠯ ᠪᠥᠬᠡ ᠶᠢᠨ ᠤᠷᠢᠯᠭᠠᠲᠥ ᠪᠠᠷᠢᠯᠳᠤᠭᠠᠨ ᠶᠠᠪᠤᠭᠳᠠᠵᠤ ᠥᠩᠭᠡᠷᠡᠯ᠎ᠡ᠃ ᠪᠠᠷᠢᠯᠳᠤᠭᠠᠨ ᠳᠤ ᠬᠤᠰᠢᠭᠤᠨ ᠤ ᠥᠨᠳᠥᠰᠥᠳᠡᠨ ᠤ ᠬᠡᠥᠬᠡᠳ ᠤᠨ ᠴᠡᠴᠡᠷᠯᠢᠭ ᠪᠠ ᠮᠤᠩᠭᠤᠯ ᠬᠡᠥᠬᠡᠳ ᠤᠨ ᠴᠡᠴᠡᠷᠯᠢᠭ ᠤᠨ 64 ᠪᠥᠬᠡ ᠳᠠᠯᠪᠢᠵᠤ᠂ ᠬᠡᠥᠬᠡᠳ ᠤᠳ ᠮᠠᠰᠢ ᠢᠳᠡᠪᠬᠢᠳᠡᠢ ᠣᠷᠣᠯᠴᠠᠵᠤ ᠪᠢᠯᠡ᠃      ᠬᠠᠭᠠᠰ ᠡᠳᠥᠷ ᠤᠨ ᠪᠠᠷᠢᠯᠳᠤᠭᠠᠨ ᠢᠶᠠᠷ ᠥᠨᠳᠥᠰᠥᠳᠡᠨ ᠤ ᠬᠡᠥᠬᠡᠳ ᠤᠨ ᠴᠡᠴᠡᠷᠯᠢᠭ ᠤᠨ ᠮᠤᠩᠭᠤᠯ ᠶᠡᠭᠡ ᠬᠤᠶᠠᠳᠤᠭᠠᠷ ᠠᠩᠭᠢ ᠶᠢᠨ ᠬᠠᠨᠢᠰ ᠳᠡᠷᠢᠭᠦᠯᠡᠵᠤ᠂ ᠮᠤᠩᠭᠤᠯ ᠶᠡᠭᠡ ᠬᠤᠶᠠᠳᠤᠭᠠᠷ ᠠᠩᠭᠢ ᠶᠢᠨ ᠠᠶᠠᠯᠠ ᠳᠡᠳᠡᠯᠡᠨ᠂ ᠮᠤᠩᠭᠤᠯ ᠶᠡᠭᠡ ᠨᠢᠭᠡᠳᠥᠭᠡᠷ ᠠᠩᠭᠢ ᠶᠢᠨ ᠠᠵᠠᠳᠠᠢ ᠭᠤᠷᠪᠠᠳᠤᠭᠠᠷ ᠲᠤ ᠳᠣᠳᠣᠷᠠᠵᠤ᠂ᠮᠤᠩᠭᠤᠯ ᠶᠡᠭᠡ ᠨᠢᠭᠡᠳᠥᠭᠡᠷ ᠠᠩᠭᠢ ᠶᠢᠨ ᠠᠰᠬ᠎ᠠ ᠳᠥᠷᠪᠡᠳᠥᠭᠡᠷ ᠲᠤ ᠳᠤᠳᠤᠷᠠᠪᠠ᠃ ᠨᠠᠭᠠᠳᠤᠮ ᠳᠤ ᠪᠠᠰᠠ ᠵᠢᠭᠠᠯ ᠬᠡᠥᠬᠡᠳ ᠤᠳ ᠢᠶᠠᠨ ᠤᠷᠮᠠᠰᠢᠭᠤᠯᠤᠨ ᠵᠤᠷᠢᠭᠵᠢᠭᠤᠯᠬᠤ ᠶᠢᠨ ᠡᠭᠦᠳᠡᠨ ᠠᠴᠠ ᠪᠥᠬᠦᠶᠢᠯᠡ ᠠᠬᠤᠢ ᠳᠠᠯᠠᠪᠠᠢ ᠳᠤ ᠬᠥᠷᠥᠯᠴᠡᠭᠰᠡᠨ ᠬᠢᠨᠠᠭᠴᠢ ᠳᠡᠷᠢᠭᠦᠳᠡᠢ ᠬᠤᠰᠢᠭᠤᠨ ᠤ ᠤᠳᠤᠷᠢᠳᠤᠯᠭ᠎ᠠ ᠪᠠ ᠴᠡᠴᠡᠷᠯᠢᠭ ᠤᠨ ᠪᠠᠭᠰᠢ ᠨᠠᠷ ᠮᠥᠩᠭᠦ ᠳᠥᠭᠦᠷᠢᠭ ᠬᠠᠨᠳᠢᠪᠯᠡᠵᠤ᠂ ᠰᠤᠪᠤᠷᠭ᠎ᠠ ᠪᠥᠬᠡ ᠪᠠᠷᠢᠯᠳᠤᠭᠤᠯᠤᠨ ᠭᠤᠷᠪᠠ ᠳᠠᠪᠠᠭᠰᠠᠨ ᠬᠡᠤᠬᠡᠳ ᠢ 200 ᠳᠥᠭᠦᠷᠢᠭ ᠢᠶᠠᠷ ᠱᠠᠩᠨᠠᠭᠰᠠᠨ ᠪᠠᠶᠢᠨ᠎ᠠ᠃      ᠥᠰᠪᠥᠷᠢ ᠨᠠᠰᠤᠨ ᠤ ᠬᠡᠥᠬᠡᠳ ᠤᠳ ᠲᠤ ᠥᠨᠳᠥᠰᠥᠳᠡᠨ ᠤ ᠰᠤᠶᠤᠯ ᠨᠠᠭᠠᠳᠤᠮ ᠢᠶᠠᠨ ᠭᠥᠨ ᠣᠶᠢᠯᠠᠭᠠᠭᠤᠯᠤᠭᠰᠠᠨ ᠡᠨᠡᠬᠦ ᠬᠥᠳᠡᠯᠭᠡᠭᠡᠨ ᠨᠢ ᠬᠤᠷᠠᠭᠰᠠᠨ ᠤᠯᠠᠨ ᠤ ᠪᠠᠨ ᠳᠠᠭᠠᠰᠢᠶᠠᠯ ᠢ ᠶᠡᠬᠡᠳᠡ ᠤᠯᠵᠤ ᠪᠢᠯᠡ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号