2020 ᠣᠨ ᠪᠤᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠬᠢᠬᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠥᠷᠢᠳᠥ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ | ᠮᠥᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠪᠣᠳᠠᠲᠠᠶ ᠬᠦᠰᠡᠯ | ᠱᠠᠭᠠᠷᠳᠠᠯᠭᠠᠪᠠ ᠪᠣᠳᠠᠲᠠᠶ ᠬᠦᠴᠢᠷᠳᠡᠯ ᠢ ᠤᠯᠠᠮ ᠨᠢᠭᠡ ᠠᠯᠬᠤᠮ ᠣᠶᠢᠯᠠᠭᠠᠵᠤ᠂ ᠶᠠᠳᠠᠭᠤ ᠬᠦᠴᠢᠷᠳᠡᠯᠲᠡᠶ ᠣᠯᠠᠨ | ᠳᠥᠮᠡᠨ ᠤ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠪᠠ ᠬᠠᠪᠰᠤᠷᠤᠨ ᠲᠡᠳᠬᠦᠬᠦ | ᠠᠵᠢᠯ ᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠴᠢᠩᠭᠠᠳᠬᠠᠵᠤ᠂ ᠴᠢᠨᠠᠷ ᠰᠠᠶᠢᠲᠠᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠪᠠᠳᠣᠯᠠᠬᠤ ᠶᠢᠨ ᠲᠥᠯᠥᠭᠡ᠂ | 4 ᠰᠠᠷ᠎ᠠ ᠠᠴᠠ ᠨᠠᠰᠢ᠂ ᠦᠬᠡᠷᠬᠤᠳᠳᠤᠭ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠲᠣᠰᠬᠤᠨ ᠳᠤ ᠰᠠᠭᠤᠭ᠎ᠠ | ᠡᠯ᠎ᠡ ᠠᠵᠢᠯᠯᠠᠬᠤ ᠠᠩᠭᠢ ᠶᠢᠨ ᠭᠡᠰᠢᠭᠦᠳ ᠢ ᠳᠠᠭᠠᠭᠤᠯᠤᠨ ᠲᠠᠷᠢᠶᠠᠨ ᠭᠠᠵᠠᠷ ᠲᠠᠷᠢᠶᠠᠴᠢᠨ ᠡᠷᠦᠬᠡ ᠶᠢᠨ ᠳᠤᠮᠳᠠ | ᠭᠦᠨᠵᠡᠭᠡᠶᠢᠷᠡᠨ᠂ ᠣᠯᠠᠨ ᠲᠦᠮᠡᠨ ᠲᠠᠢ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ | ᠡᠷᠦᠬᠡ ᠶᠢ ᠰᠣᠷᠪᠤᠯᠵᠢᠯᠠᠬᠤ ᠠᠵᠢᠯ ᠥᠷᠨᠢᠭᠦᠯᠵᠤ᠂ 6 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠪᠠᠯᠭᠠᠰᠤᠨ ᠤ | 317 ᠶᠠᠳᠠᠭᠤ ᠬᠦᠴᠢᠷᠲᠡᠶ ᠡᠷᠦᠬᠡ ᠶᠢ ᠰᠤᠷᠪᠤᠯᠵᠢᠯᠠᠵᠤ᠂ ᠬᠥᠯᠥᠰᠥᠨ ᠠᠵᠢᠯ ᠬᠢᠵᠦ ᠪᠠᠶᠢᠭ᠎ᠠ ᠶᠠᠳᠠᠭᠤ | ᠬᠦᠴᠢᠷᠳᠡᠯᠲᠡᠶ ᠡᠷᠦᠬᠡ ᠠᠴᠠ ᠭᠠᠳᠠᠨ᠎ᠠ᠂ ᠪᠥᠬᠦ ᠪᠠᠯᠭᠠᠰᠤᠨ ᠳᠤ ᠠᠶᠢᠯᠴᠢᠯᠠᠬᠤ ᠨᠣᠷᠮ᠎ᠠ ᠶᠢ 92% ᠳᠤ ᠬᠥᠷᠪᠡ᠃ | ᠡᠷᠦᠬᠡ ᠪᠦᠷᠢ ᠳᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠲᠡᠳᠡᠨ ᠲᠠᠢ ᠭᠡᠷ ᠤᠨ ᠵᠣᠭᠤᠭ ᠳᠡᠯᠭᠡᠵᠦ | ᠣᠷᠣᠯᠭ᠎ᠠ ᠵᠠᠷᠤᠯᠭ᠎ᠠ ᠶᠢᠨ ᠳᠠᠩᠰᠠ ᠶᠢ ᠨᠠᠷᠢᠨ ᠪᠣᠳᠣᠵᠤ᠂ ᠶᠠᠳᠠᠭᠤ ᠬᠦᠴᠢᠷᠳᠡᠯᠲᠡᠶ ᠡᠷᠦᠬᠡ ᠶᠢᠨ ︽ᠬᠤᠶᠠᠷ ᠲᠤ | ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢ ᠪᠠᠷᠢᠮᠵᠢᠶ᠎ᠠ ᠳᠤ ᠬᠦᠷᠭᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ | ᠨᠠᠷᠢᠨ ᠣᠶᠢᠯᠠᠭᠠᠵᠤ᠂ ᠠᠮᠢᠳᠤᠷᠠᠯ ᠦᠢᠯᠡᠳᠪᠦᠷᠢᠯᠡᠯ ᠤᠨ ᠪᠠᠶᠢᠳᠠᠯ᠂ ᠭᠤᠣᠯ ᠬᠦᠴᠢᠷᠳᠡᠯ ᠵᠢᠴᠢ ᠬᠠᠪᠰᠤᠷᠤᠨ | ᠲᠡᠳᠬᠦᠬᠦ ᠬᠡᠷᠡᠭᠴᠡᠭᠡ ᠶᠢ ᠣᠶᠢᠯᠠᠭᠠᠪᠠ᠃ ᠡᠭᠦᠨ ᠤ ᠬᠠᠮᠲᠤ ᠡᠯ᠎ᠡ ᠲᠣᠰᠬᠤᠨ ᠤ ᠲᠣᠰᠬᠤᠨ ᠳᠤ ᠰᠠᠭᠤᠭ᠎ᠠ | ᠠᠵᠢᠯᠯᠠᠬᠤ ᠠᠩᠭᠢ ᠲᠠᠢ ᠬᠠᠮᠲᠤ ᠶᠠᠳᠠᠭᠤ ᠬᠦᠴᠢᠷᠳᠡᠯᠲᠡᠶ ᠡᠷᠦᠬᠡ ᠳᠤ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠠᠶ᠃ ᠪᠠᠰᠠ ᠶᠠᠳᠠᠭᠤ ᠶᠢ ᠲᠡᠳᠬᠦᠬᠦ ᠳᠤ ᠤᠷᠢᠳᠠᠪᠠᠷ ᠡᠷᠴᠢ ᠵᠣᠷᠢᠭ ᠢ ᠨᠢ | ᠲᠡᠳᠬᠦᠵᠦ᠂ ᠶᠠᠳᠠᠭᠤ ᠬᠦᠴᠢᠷᠳᠡᠯᠲᠡᠶ ᠣᠯᠠᠨ ᠳᠥᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠤᠶᠤᠨ ᠰᠠᠨᠠᠭᠠᠨ ᠤ ᠲᠠᠯ᠎ᠠ ᠪᠠᠷ ᠬᠢ ᠶᠠᠳᠠᠭᠤ ᠬᠦᠴᠢᠷᠳᠡᠯ ᠠᠴᠠ ᠠᠩᠭᠢᠵᠢᠷᠠᠵᠤ᠂ ᠶᠠᠳᠠᠭᠤ ᠠᠴᠠ ᠠᠩᠭᠢᠵᠢᠷᠠᠨ | ᠪᠠᠶᠠᠵᠢᠬᠤ ᠴᠢᠳᠠᠪᠤᠷᠢ ᠪᠠᠨ ᠳᠡᠭᠡᠭᠰᠢᠯᠡᠬᠦᠯᠬᠦ ᠶᠢ ᠴᠢᠬᠤᠯᠠᠴᠢᠯᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠳᠤ | ᠰᠠᠨᠠᠭᠤᠯᠭ᠎ᠠ ᠬᠠᠩᠭᠠᠬᠤ ᠶᠢᠨ ᠬᠠᠮᠲᠤ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠥᠭᠪᠡ᠃ ᠶᠠᠳᠠᠭᠤ | ᠬᠦᠴᠢᠷᠳᠡᠯᠲᠡᠶ ᠡᠷᠦᠬᠡ ᠲᠠᠢ ᠰᠡᠳᠬᠢᠯ ᠵᠢᠷᠦᠬᠡ ᠪᠠᠨ ᠣᠯᠣᠯᠴᠠᠨ᠂ ᠬᠠᠷᠢᠴᠠᠭ᠎ᠠ ᠪᠠᠨ ᠣᠶᠢᠷᠠᠲᠤᠵᠤ᠂ ᠳᠡᠳᠡᠨ ᠳᠤ | ᠬᠠᠯᠠᠭᠤᠨ ᠪᠥᠯᠢᠶᠡᠨ ᠠᠪᠴᠢᠷᠠᠵᠤ ᠥᠭᠪᠡ᠃ | ᠰᠤᠷᠪᠤᠯᠵᠢᠯᠠᠬᠤ ᠳᠤᠮᠳᠠ ᠣᠨᠴᠠ ᠵᠠᠷᠢᠮ ᠶᠠᠳᠠᠭᠤ ᠬᠦᠴᠢᠷᠳᠡᠯᠲᠡᠶ ᠡᠷᠦᠬᠡ ᠶᠢᠨ ᠪᠣᠳᠠᠲᠠᠶ ᠬᠦᠴᠢᠷᠳᠡᠯ ᠪᠠ | ᠠᠰᠠᠭᠤᠳᠠᠯ ᠳᠤ ᠴᠢᠭᠯᠡᠭᠦᠯᠦᠨ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠴᠠ ᠴᠢᠬᠤᠯᠠᠴᠢᠯᠠᠭᠰᠠᠨ ᠨᠢ᠄ ︽ | ᠪᠦᠬᠦ ᠪᠠᠯᠭᠠᠰᠤ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠲᠤᠯᠬᠤ ᠳᠠᠶᠢᠯᠠᠯᠳᠤᠭᠠᠨ ᠢ ᠢᠯᠠᠭᠳᠠᠰᠢ | ᠦᠭᠡᠢ ᠳᠠᠶᠢᠨ ᠪᠣᠯᠭᠠᠨ ᠬᠢᠵᠥ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠬᠠᠮᠤᠭ | ᠡᠴᠦᠰ ᠲᠤ ᠬᠦᠷᠬᠦ ᠳᠤᠳᠤᠮ ᠦᠨᠡᠨ ᠪᠣᠳᠠᠲᠠᠢ ᠪᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠤᠯᠬᠤ ᠵᠠᠮ ᠳᠡᠭᠡᠷ᠎ᠡ ᠨᠢᠭᠡ ᠬᠥᠮᠦᠨ ᠢ ᠴᠤ ᠡᠩᠨᠡᠭᠡ ᠠᠴᠠ ᠨᠢ ᠬᠤᠴᠣᠷᠤᠭᠤᠯᠵᠤ | ᠪᠣᠯᠬᠤ ᠦᠭᠡᠢ᠃︾ ᠬᠡᠵᠡᠢ᠃ | ᠴᠢᠨᠡᠭᠡᠯᠢᠭ ᠪᠣᠯᠤᠭᠰᠠᠨ ᠡᠰᠡᠬᠦ ᠶᠢᠨ ᠵᠠᠩᠭᠢᠯᠠᠭ᠎ᠠ ᠨᠢ ᠨᠤᠲᠤᠭ ᠤᠨ ᠠᠬ᠎ᠠ ᠳᠡᠭᠦᠦ ᠨᠡᠷ ᠲᠤ ᠪᠠᠶᠢᠨ᠎ᠠ᠂ | ᠨᠤᠲᠤᠭ ᠤᠨ ᠠᠬ᠎ᠠ ᠳᠡᠭᠦᠤ ᠨᠡᠷ ᠤᠨ ᠠᠮᠢᠳᠤᠷᠠᠯ ᠰᠠᠶᠢᠵᠢᠷᠠᠬᠤ ᠶᠢ ᠯᠠ ᠦᠵᠡᠬᠦ ᠪᠢᠰᠢ᠂ ᠨᠤᠲᠤᠭ ᠤᠨ ᠠᠬ᠎ᠠ ᠳᠡᠭᠦᠤ | ᠨᠠᠷ ᠤᠨ ᠪᠤᠳᠤᠭᠰᠠᠨ ᠵᠦᠢᠯ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠦᠨᠡᠯᠡᠬᠦ ᠨᠣᠷᠮ᠎ᠠ ᠪᠠ ᠬᠠᠨᠤᠮᠵᠢ ᠶᠢᠨ | ᠬᠡᠮᠵᠢᠶ᠎ᠡ ᠶᠢ ᠴᠦ ᠦᠵᠡᠬᠦ ᠬᠡᠷᠡᠭᠲᠡᠶ᠃ ᠭᠠᠴᠠᠭᠠᠨ ᠱᠠᠲᠤᠨ ᠤ ᠱᠦᠵᠢ ᠶᠠᠳᠠᠭᠤ ᠶᠢ ᠲᠡᠳᠬᠦᠬᠦ ᠲᠣᠭᠲᠠᠴᠠ ᠶᠢ | ᠠᠳᠬᠤᠬᠤ ᠶᠢᠨ ᠠᠬᠢᠭᠤᠯᠤᠯ ᠳᠣᠣᠷ᠎ᠠ᠂ ᠦᠬᠡᠷᠬᠤᠳᠳᠤᠭ ᠪᠠᠯᠭᠠᠰᠤᠨ ᠤ ᠨᠠᠮ ᠤᠨ ᠬᠤᠷᠢᠶ᠎ᠠ ᠠᠷᠠᠳ ᠲᠦᠮᠡᠨ ᠢᠶᠠᠷ | ᠭᠤᠤᠯ ᠪᠣᠯᠭᠠᠨ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠳᠠᠭᠤᠨ ᠢ ᠰᠣᠨᠣᠰᠴᠤ᠂ ᠠᠷᠠᠳ ᠤᠨ | ᠬᠥᠴᠢᠷᠳᠡᠯ ᠢ ᠦᠨᠡᠨ ᠰᠡᠳᠬᠢᠯ ᠠᠴᠠ ᠬᠠᠪᠰᠤᠷᠴᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ | ᠵᠢᠷᠭᠠᠯ ᠤᠨ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠠᠯᠬᠤᠮ ᠠᠯᠬᠤᠮ ᠢᠶᠠᠷ ᠳᠡᠭᠡᠭᠰᠢᠯᠡᠬᠦᠯᠥᠨ᠎ᠡ᠃ |