ᠭᠡᠷ ᠤᠨ ᠲᠡᠵᠢᠭᠡᠪᠦᠷᠢ ᠶᠢ ᠬᠠᠰᠢᠶᠠᠯᠠᠨ ᠳᠡᠵᠢᠭᠡᠵᠤ ᠬᠠᠮᠢᠶᠠᠷᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020-07-28
     ᠤᠶᠢᠷ᠎ᠠ ᠶᠢᠨ ᠬᠤᠭᠤᠴᠠᠭᠠᠨ ᠳᠤ᠂ ᠬᠤᠳᠠ ᠬᠥᠳᠡᠭᠡ ᠶᠢᠨ ᠤᠶᠠᠯᠳᠤᠭᠰᠠᠨ ᠣᠷᠣᠨ ᠪᠦᠰᠡ ᠶᠢᠨ ᠰᠠᠭᠤᠭᠠᠯᠢ ᠠᠷᠠᠳ ᠤᠨ ᠲᠡᠵᠢᠭᠡᠪᠦᠷᠢ ᠶᠢᠨ ᠦᠬᠡᠷ᠂ ᠮᠣᠷᠢ ᠵᠠᠷᠢᠮ ᠳᠠᠭᠠᠨ ᠪᠠᠯᠭᠠᠰᠤᠨ ᠤ ᠳᠣᠲᠣᠷᠠᠬᠢ ᠵᠡᠭᠡᠯᠢ ᠭᠤᠳᠤᠮᠵᠢ᠂ ᠴᠡᠴᠡᠷᠯᠢᠭ ᠤᠨ ᠨᠣᠭᠤᠭᠠᠨ ᠬᠥᠷᠥᠰᠥ ᠵᠡᠷᠭᠡ ᠰᠠᠭᠤᠭᠠᠯᠢ ᠠᠷᠠᠳ ᠤᠨ ᠠᠮᠢᠳᠤᠷᠠᠯ ᠤᠨ ᠳᠣᠭᠤᠷᠢᠭ ᠲᠤ ᠣᠷᠣᠵᠤ ᠢᠷᠡᠨ᠂ ᠪᠠᠳᠣᠬᠠᠭᠠᠯᠭ᠎ᠠ ᠶᠢᠨ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠣᠬᠢᠬᠤ ᠬᠡᠮᠵᠢᠶᠡᠨ ᠳᠡᠭᠡᠷ᠎ᠡ ᠨᠥᠯᠥᠭᠡᠯᠡᠪᠡ᠃ ᠲᠣᠭᠲᠠᠭᠠᠯ ᠠᠴᠠ ᠵᠥᠷᠢᠴᠡᠨ ᠭᠡᠷ ᠤᠨ ᠲᠡᠵᠢᠭᠡᠪᠦᠷᠢ ᠭᠡᠷ ᠤᠨ ᠵᠢᠭᠦᠷᠲᠡᠨ ᠲᠡᠵᠢᠭᠡᠵᠦ ᠣᠷᠴᠢᠨ ᠲᠣᠭᠤᠷᠢᠨ ᠢ ᠪᠣᠬᠢᠷᠳᠣᠭᠤᠯᠬᠤ ᠵᠡᠷᠭᠡ ᠠᠰᠠᠭᠤᠳᠠᠯ ᠢ ᠲᠦᠢᠯᠪᠤᠷᠢᠲᠠᠶ ᠰᠢᠢᠳᠪᠥᠷᠢᠯᠡᠬᠦ ᠶᠢᠨ ᠲᠥᠯᠥᠭᠡ᠂ ᠠᠷᠠᠴᠢᠯᠠᠨ ᠲᠡᠵᠢᠭᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠲᠣᠰ ᠮᠡᠳᠡᠭᠳᠡᠯ ᠢ ᠳᠣᠭᠳᠠᠭᠠᠪᠠ᠃      ᠡᠩ ᠲᠡᠷᠢᠭᠦᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾ ᠤᠨ ᠭᠤᠴᠢᠨ ᠲᠠᠪᠤᠳᠤᠭᠠᠷ ᠵᠦᠢᠯ ᠢ ᠦᠨᠳᠦᠰᠦᠯᠡᠪᠡᠯ᠄ ᠳᠡᠵᠢᠭᠡᠭᠰᠡᠨ ᠮᠠᠯ ᠵᠢᠭᠦᠷᠲᠡᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠬᠦ ᠳᠤ ᠬᠥᠷᠪᠡᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠦᠵᠡᠮᠵᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠨᠠᠶᠢᠳᠠᠭᠰᠠᠨ ᠨᠢᠭᠡᠴᠢ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠰᠢᠳᠪᠥᠷᠢᠯᠡᠭᠦᠯᠬᠦ ᠪᠤᠶᠤ ᠬᠤᠷᠢᠶᠠᠨ ᠠᠪᠬᠤ ᠪᠥᠭᠡᠳ ᠵᠣᠭᠤᠰ ᠢᠶᠠᠷ ᠲᠣᠷᠭᠠᠬᠤ ᠪᠠᠷ ᠰᠢᠳᠬᠡᠵᠦ ᠪᠣᠯᠤᠨ᠎ᠠ᠃ ︽ᠪᠤᠭᠤᠲᠤ ᠬᠤᠲᠠ ᠶᠢᠨ ᠬᠤᠲᠠ ᠶᠢᠨ ᠥᠩᠭᠡ ᠦᠵᠡᠮᠵᠢ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠳᠦᠷᠢᠮ︾ ᠤᠨ ᠳᠥᠴᠢᠨ ᠨᠢᠭᠡᠳᠦᠭᠡᠷ ᠵᠦᠢᠯ ᠢ ᠦᠨᠳᠦᠰᠦᠯᠡᠪᠡᠯ᠄ ᠬᠤᠲᠠ ᠶᠢᠨ ᠲᠣᠭᠤᠷᠢᠭ ᠲᠤ ᠭᠠᠭ᠋ᠠᠶ᠂ ᠦᠬᠡᠷ᠂ ᠬᠤᠨᠢ᠂ ᠲᠠᠬᠢᠶ᠎ᠠ᠂ ᠨᠤᠭᠤᠰᠤ᠂ ᠭᠠᠯᠠᠭᠤ᠂ ᠲᠠᠤᠯᠠᠶ ᠵᠡᠷᠭᠡ ᠭᠡᠷ ᠤᠨ ᠲᠡᠵᠢᠭᠡᠪᠦᠷᠢ᠂ ᠭᠡᠷ ᠤᠨ ᠵᠢᠭᠦᠷᠲᠡᠨ ᠳᠡᠵᠢᠭᠡᠬᠦ ᠶᠢ ᠴᠠᠭᠠᠵᠠᠯᠠᠨ᠎ᠠ᠃ ᠲᠣᠰ ᠲᠣᠭᠲᠠᠭᠠᠯ ᠢ ᠵᠥᠷᠢᠴᠡᠪᠡᠯ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠲᠠᠪᠤᠨ ᠵᠠᠭᠤᠨ ᠲᠥᠭᠦᠷᠢᠭ ᠠᠴᠠ ᠳᠡᠭᠡᠭᠰᠢ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃      ᠳᠠᠷᠠᠭᠠᠯᠠᠪᠠᠯ᠂ ᠭᠡᠷ ᠤᠨ ᠲᠡᠵᠢᠭᠡᠪᠦᠷᠢ ᠶᠢ ᠵᠡᠭᠡᠯᠢ ᠲᠣᠭᠤᠷᠢᠭ ᠤᠨ ᠵᠠᠮ ᠪᠠ ᠴᠡᠴᠡᠷᠯᠢᠭ ᠤᠨ ᠨᠣᠭᠤᠭᠠᠨ ᠬᠥᠷᠥᠰᠥᠨ ᠳᠤ ᠳᠠᠯᠪᠢᠵᠤ ᠣᠷᠣᠭᠤᠯᠬᠤ ᠶᠢ ᠴᠢᠩᠭ᠎ᠠ ᠴᠠᠭᠠᠵᠠᠯᠠᠵᠤ᠂ ᠣᠯᠵᠤ ᠮᠡᠳᠡᠬᠦ ᠪᠤᠶᠤ ᠢᠯᠡᠴᠢᠯᠡᠨ ᠮᠡᠳᠡᠭᠦᠯᠪᠡᠯ ᠂ ︽ᠪᠤᠭᠤᠲᠤ ᠬᠤᠲᠠ ᠶᠢᠨ ᠬᠤᠲᠠ ᠶᠢᠨ ᠨᠣᠭᠤᠭᠠᠷᠠᠭᠤᠯᠤᠯᠲᠠ ᠶᠢᠨ ᠳᠦᠷᠢᠮ︾ ᠤᠨ ᠭᠤᠴᠢᠨ ᠳᠥᠷᠪᠡᠳᠦᠭᠡᠷ ᠵᠦᠢᠯ ᠤᠨ ᠲᠠᠪᠤᠳᠤᠭᠠᠷ ᠪᠠᠳᠠᠭ ᠪᠠ ᠲᠠᠪᠢ ᠶᠢᠰᠦᠳᠦᠭᠡᠷ ᠵᠦᠢᠯ ᠤᠨ ᠳᠥᠷᠪᠡᠳᠦᠭᠡᠷ ᠪᠠᠳᠠᠭ ᠢ ᠦᠨᠳᠦᠰᠦᠯᠡᠨ᠂ ᠤᠳᠠᠭ᠎ᠠ ᠪᠦᠷᠢ ᠵᠠᠭᠤᠨ ᠲᠥᠭᠦᠷᠢᠭ ᠠᠴᠠ ᠳᠡᠭᠡᠭᠰᠢ ᠬᠤᠶᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠳᠣᠷᠭᠠᠨ᠎ᠠ᠃      ᠬᠠᠮᠤᠭ ᠡᠴᠦᠰ ᠲᠤ᠂ ᠣᠯᠠᠨ ᠲᠦᠮᠡᠨ ᠢ ᠳᠠᠶᠢᠴᠢᠯᠠᠨ᠂ ᠭᠡᠷ ᠤᠨ ᠲᠡᠵᠢᠭᠡᠪᠦᠷᠢ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠵᠠᠰᠠᠬᠤ ᠠᠵᠢᠯ ᠢ ᠳᠡᠮᠵᠢᠬᠦ ᠪᠠ ᠬᠠᠮᠵᠢᠯᠴᠠᠬᠤ ᠶᠢ ᠥᠷᠭᠡᠨ ᠢᠶᠠᠷ ᠤᠬᠠᠭᠤᠯᠤᠨ᠂ ᠡᠯ᠎ᠡ ᠵᠦᠢᠯ ᠤᠨ ᠬᠡᠯᠪᠡᠷᠢ ᠪᠠᠷ ᠳᠠᠮᠵᠢᠭᠤᠯᠤᠨ ᠭᠦᠨᠵᠡᠭᠡᠶ ᠤᠬᠠᠭᠤᠯᠵᠤ᠂ ᠬᠥᠮᠦᠨ ᠪᠦᠬᠦᠨ ᠮᠡᠳᠡᠵᠦ᠂ ᠬᠥᠮᠦᠨ ᠪᠦᠬᠦᠨ ᠤᠷᠤᠯᠴᠠᠬᠤ ᠶᠢ ᠪᠠᠳᠣᠯᠠᠨ᠎ᠠ᠃      ᠲᠤᠰ ᠮᠡᠳᠡᠭᠳᠡᠯ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠃                   ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ                 ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ                              2020 ᠣᠨ ᠤ 7 ᠰᠠᠷ᠎ᠠ ᠶᠢᠨ 24 ᠤ ᠡᠳᠦᠷ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号