ᠳᠥᠷᠪᠡᠨ ᠶᠠᠮᠤᠨ ᠠᠴᠠ ᠪᠢᠴᠢᠭ ᠮᠠᠲ᠋ᠧᠷᠢᠶᠠᠯ ᠳᠠᠷᠬᠠᠭᠠᠵᠤ᠂ ᠤᠯᠤᠰ ᠰᠣᠷᠣᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢᠨ ᠳᠥᠷᠥ ᠶᠢᠨ ᠪᠣᠳᠣᠯᠭ᠎ᠠ ᠳᠤ3 ᠳᠠᠯ᠎ᠠ ᠶᠢᠨ ᠳᠣᠬᠢᠷᠠᠭᠤᠯᠤᠯᠳᠡ ᠬᠢᠪᠡ
ᠨᠡᠶᠢᠲᠡᠯᠡᠭᠰᠡᠨ ᠴᠠᠭ᠄
2020/7/28
    ᠣᠶᠢᠷ᠎ᠠ ᠳᠤ᠂ ᠰᠣᠷᠭᠠᠨ ᠬᠥᠮᠥᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠣᠮᠳᠠᠳᠣ ᠣᠯᠣᠰ ᠤᠨ ᠠᠷᠠᠳ ᠤᠨ ᠪᠠᠩᠭᠢ᠂ ᠪᠠᠩᠭᠢ ᠳᠠᠭᠠᠳᠬᠠᠯ ᠤᠨ ᠬᠢᠨᠠᠯᠳᠡ ᠬᠠᠮᠢᠶᠠᠷᠣᠯᠳᠠ ᠶᠢᠨ ᠵᠥᠪᠯᠡᠯ ᠵᠡᠷᠭᠡ ᠳᠥᠷᠪᠡᠨ ᠰᠠᠯᠠᠭ᠎ᠠ ᠮᠥᠴᠢᠷ ᠬᠠᠮᠳᠣᠷᠠᠨ ︽ᠤᠯᠤᠰ ᠤᠨ ᠰᠣᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢᠨ ᠬᠤᠯᠪᠤᠭᠳᠠᠯ ᠪᠥᠬᠦᠢ ᠳᠥᠷᠥ ᠶᠢᠨ ᠪᠤᠳᠤᠯᠭ᠎ᠠ ᠳᠤ ᠳᠤᠬᠢᠷᠠᠭᠤᠯᠤᠯᠳᠡ ᠬᠢᠵᠤ ᠳᠡᠭᠦᠯᠳᠡᠷᠵᠢᠭᠦᠯᠬᠦ ᠳᠤᠬᠠᠢ ᠮᠡᠳᠡᠭᠳᠡᠯ︾ ︵ᠰᠣᠷᠭᠠᠨ ᠬᠥᠮᠥᠵᠢᠯ ᠡᠳ᠋ ﹇2020﹈ 4 ᠳ᠋ᠤᠭᠡᠷ ᠳᠣᠭᠠᠳᠥ︶ ᠢ ᠳᠠᠷᠤᠮᠠᠯᠯᠠᠨ ᠳᠠᠷᠬᠠᠭᠠᠵᠤ᠂ ᠰᠤᠷᠤᠯᠭ᠎ᠠ ᠶᠢᠨ ᠳᠡᠳᠭᠦᠮᠵᠢ  ᠶᠢᠨ ᠵᠢᠭᠡᠯᠡᠯᠭᠡ ᠶᠢᠨ ᠬᠤᠯᠪᠤᠭᠳᠠᠯ ᠪᠥᠭᠦᠢ ᠳᠥᠷᠥ ᠶᠢᠨ ᠪᠣᠳᠥᠯᠭ᠎ᠠ ᠳᠤ ᠭᠤᠷᠪᠠᠨ ᠳᠠᠯ᠎ᠡ ᠶᠢᠨ ᠳᠣᠬᠢᠷᠠᠭᠤᠯᠤᠯᠳᠡ ᠬᠢᠪᠡ᠃ ᠭᠡᠷ ᠤᠨ ᠠᠮᠢᠳᠣᠷᠠᠯ ᠨᠢ ᠬᠥᠴᠢᠷᠳᠡᠯᠳᠡᠢ ᠰᠤᠷᠤᠭᠴᠢᠳ ᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠳᠣᠰᠠᠳᠡ᠂ ᠳᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠥᠭᠡᠳ᠂ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢᠨ ᠬᠤᠯᠪᠤᠭᠳᠠᠯ ᠪᠥᠬᠦᠢ ᠳᠥᠷᠥ ᠶᠢᠨ ᠪᠣᠳᠣᠯᠭ᠎ᠠ ᠳᠤ ᠳᠣᠣᠷᠠᠬᠢ ᠮᠡᠳᠥ ᠳᠤᠬᠢᠷᠠᠭᠤᠯᠤᠯᠳᠡ ᠬᠢᠭᠰᠡᠨ ᠪᠠᠶᠢᠨ᠎ᠠ᠄      ᠨᠢᠭᠡ ᠳᠤ᠂ ᠰᠣᠷᠣᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢᠨ ᠡᠬᠡ ᠮᠥᠩᠭᠦ ᠶᠢ ᠪᠤᠴᠠᠭᠠᠬᠤ ᠬᠤᠭᠤᠴᠠᠭ᠎ᠠ  ᠶᠢ3 ᠵᠢᠯ ᠪᠠᠶᠢᠭᠰᠠᠨ ᠠᠴᠠ5 ᠵᠢᠯ ᠪᠤᠯᠭᠠᠨ ᠤᠷᠳᠤᠳᠬᠠᠪᠠ᠃      ᠬᠤᠶᠠᠷ ᠲᠤ᠂ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠰᠣᠷᠭᠠᠭᠤᠯᠢ ᠳᠤ ᠰᠣᠷᠣᠯᠴᠠᠵᠤ ᠪᠠᠶᠢᠭᠰᠠᠨ ᠬᠤᠭᠤᠴᠠᠭ᠎ᠠ ᠳᠡᠭᠡᠷ᠎ᠡ ᠨᠢ13 ᠵᠢᠯ ᠨᠡᠮᠡᠵᠤ᠂ ᠬᠠᠮᠤᠭ ᠣᠷᠳᠥ ᠳᠠᠭᠠᠨ20 ᠵᠢᠯ ᠠᠴᠠ ᠬᠡᠳᠥᠷᠡᠭᠦᠯᠵᠤ ᠪᠤᠯᠬᠤ ᠦᠭᠡᠢ ᠪᠠᠶᠢᠭᠰᠠᠨ ᠠᠴᠠ ᠰᠤᠷᠭᠠᠭᠤᠯᠢ ᠳᠤ ᠰᠤᠷᠤᠯᠴᠠᠬᠤ ᠬᠤᠭᠤᠴᠠᠭ᠎ᠠ ᠳᠡᠭᠡᠷ᠎ᠡ ᠨᠢ15 ᠵᠢᠯ ᠨᠡᠮᠡᠵᠤ᠂ ᠬᠠᠮᠤᠭ ᠤᠷᠳᠤ ᠳᠠᠭᠠᠨ22 ᠵᠢᠯ ᠠᠴᠠ ᠭᠡᠳᠥᠷᠡᠭᠦᠯᠵᠤ ᠪᠤᠯᠬᠤ ᠦᠭᠡᠢ ᠪᠤᠯᠭᠠᠨ ᠳᠤᠬᠢᠷᠠᠭᠤᠯᠤᠯᠳᠡ ᠬᠢᠪᠡ᠃      ᠭᠤᠷᠪᠠ ᠳᠤ᠂2020 ᠤᠨ ᠤ1 ᠰᠠᠷ᠎ᠠ ᠶᠢᠨ1 ᠤ ᠡᠳᠥᠷ ᠠᠴᠠ ᠡᠬᠢᠯᠡᠨ᠂ ᠰᠢᠨ᠎ᠡ ᠪᠠᠷ ᠭᠠᠷ ᠤᠨ ᠦᠰᠦᠭ ᠵᠢᠷᠤᠵᠤ ᠭᠡᠷ᠎ᠡ ᠳᠤᠭᠳᠠᠭᠰᠠᠨ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢᠨ ᠬᠥᠥ ᠮᠥᠩᠭᠦ ᠶᠢᠨ ᠨᠤᠷᠮ᠎ᠠ ᠶᠢ ᠠᠳᠠᠯᠢ ᠬᠤᠭᠤᠴᠠᠭᠠᠨ ᠤ ᠠᠳᠠᠯᠢ ᠬᠤᠭᠤᠴᠠᠭᠠᠨ ᠤ ᠠᠳᠠᠯᠢ ᠳᠡᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠥᠥ ᠮᠥᠩᠭᠦ ᠶᠢᠨ ᠨᠤᠷᠮ᠎ᠠ ︵LPR︶ ᠠᠴᠠ30 ᠰᠠᠭᠤᠷᠢ ᠴᠡᠭ ᠬᠠᠰᠣᠵᠤ ᠬᠡᠷᠡᠭᠵᠢᠬᠦᠯᠬᠦ ᠪᠠᠷ ᠪᠤᠯᠪᠠ᠃
 
ᠢᠷᠡᠯᠲᠡ᠄ ᠥᠪᠥᠷ ᠮᠤᠩᠭᠤᠯ ᠤᠨ ᠰᠣᠷᠭᠠᠨ ᠬᠥᠮᠥᠵᠢᠯ ᠶᠢᠨ ᠳᠢᠩᠭᠢᠮ ᠤᠨ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号