ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠶᠢ ᠬᠢᠨᠠᠨ  ᠵᠢᠯᠤᠭᠤᠳᠴᠤ ᠪᠠᠶᠢᠴᠠᠭᠠᠬᠤ ᠳᠤᠭᠤᠶᠢᠯᠠᠩ ᠳᠠᠷᠬᠠᠨ ᠮᠤᠤᠮᠢᠩᠭᠠᠨ ᠬᠤᠯᠪᠤᠭᠠᠳᠣ ᠬᠤᠰᠢᠭᠤᠨ ᠳᠤ ᠢᠷᠡᠵᠦ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2020-07-29
     7 ᠰᠠᠷ᠎ᠠ ᠶᠢᠨ 25 ᠤ ᠡᠳᠦᠷ — 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠨᠢᠭᠡᠳᠥᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠠᠨ ᠭᠦᠸᠧ᠂ ᠥᠪᠡᠷᠲᠡᠭᠡᠨ ᠵᠠᠰᠠᠬᠤ ᠣᠷᠣᠨ ᠤ ᠶᠡᠷᠥᠩᠭᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠸᠠᠩ ᠸᠧᠨ ᠷᠦᠢ ᠨᠠᠷ ᠳᠠᠷᠬᠠᠨ ᠮᠤᠤᠮᠢᠩᠭᠠᠨ ᠬᠤᠯᠪᠤᠭᠠᠳᠣ ᠬᠤᠰᠢᠭᠤᠨ ᠳᠤ ᠢᠷᠡᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠠᠮᠢᠶ᠎ᠠ ᠪᠥᠬᠦᠶ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ ᠃ ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᡁᠢ ᠭᠠᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ᠂ ᠳᠡᠳ᠋ ᠬᠤᠰᠢᠭᠤᠨ ᠳᠠᠷᠤᠭ᠎ᠠ ᠭᠡᠷᠡᠯ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠰᠢᠪᠠᠳᠠᠨ ᠪᠠᠶᠢᠴᠠᠭᠠᠪᠠ᠃
     ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠭᠡᠷᠬᠤᠳᠳᠤᠭ ᠪᠠᠯᠭᠠᠰᠤ ᠵᠢᠴᠢ ᠴᠠᠭᠠᠨᠬᠠᠳᠠ ᠰᠤᠮᠤᠨ ᠳᠤ ᠭᠥᠨᠵᠡᠭᠡᠶᠢᠷᠡᠨ᠂  ᠮᠠᠯᠴᠢᠨ ᠡᠷᠦᠬᠡ ᠪᠠᠷ ᠣᠷᠣᠵᠤ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠯᠠᠪᠯᠠᠨ ᠠᠰᠠᠭᠤᠬᠤ ᠵᠡᠷᠭᠡ ᠬᠡᠯᠪᠡᠷᠢ ᠪᠠᠷ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠳ᠋ ᠪᠣᠳᠠᠰ  ᠢ ᠨᠥᠭᠡᠴᠡᠯᠡᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠬᠤ᠂ ᠣᠨᠣᠰᠢᠯᠠᠨ ᠡᠮᠨᠡᠬᠦ ᠬᠠᠮᠢᠶᠠᠷᠤᠯᠲᠠ᠂ ᠤᠬᠠᠭᠤᠯᠭ᠎ᠠ ᠪᠣᠯᠤᠨ ᠡᠷᠡᠭᠦᠯ ᠮᠡᠨᠳᠦ ᠶᠢᠨ ᠬᠥᠮᠦᠵᠢᠯ ᠵᠡᠷᠭᠡ ᠠᠵᠢᠯ ᠢ ᠨᠠᠷᠢᠨ ᠣᠶᠢᠯᠠᠭᠠᠵᠤ᠂ ᠲᠤᠬᠠᠶ ᠶᠢᠨ ᠭᠠᠵᠠᠷ ᠲᠤᠨᠢ ᠵᠢᠭᠠᠨ ᠵᠢᠯᠤᠭᠤᠳᠪᠠ᠃
     ᠳᠠᠷᠠᠭ᠎ᠠ ᠨᠢ ᠬᠤᠷᠠᠯ ᠤᠨ ᠶᠠᠪᠤᠳᠠᠯ ᠤᠨ ᠲᠥᠪ ᠲᠤ ᠬᠤᠷᠠᠯᠳᠤᠭᠤᠯᠤᠭᠰᠠᠨ 2020 ᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠶᠠᠳᠤᠭᠠᠷ ᠤᠳᠠᠭᠠᠨ ᠤ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠬᠤᠷᠠᠯ ᠳᠡᠭᠡᠷ᠎ᠡ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ 2020 ᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠥᠷᠨᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃
     ᠸᠠᠩ ᠵᠠᠨ ᠭᠦᠸᠧ ᠴᠢᠬᠤᠯᠠᠴᠢᠯᠠᠭᠰᠠᠨ ᠨᠢ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠨᠢᠮᠪᠠᠶ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠶᠢᠵᠤ  ᠨᠣᠳᠠᠯᠠᠭᠤᠰᠢᠲᠠᠢ᠃ ᠸᠠᠩ ᠵᠠᠨ ᠭᠦᠸᠧ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠢᠨ᠎ᠡ ᠱᠠᠭᠠᠷᠳᠠᠯᠭ᠎ᠠ ᠶᠢ ᠲᠠᠰᠤᠷᠠᠯᠲᠠ ᠦᠭᠡᠢ ᠰᠠᠶᠢᠲᠤᠷ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠳᠤᠲᠠᠭᠤᠳᠠᠯ ᠬᠦᠷᠦᠯᠴᠡᠬᠦ ᠦᠭᠡᠢ ᠲᠠᠯ᠎ᠠ ᠶᠢ ᠴᠢᠩᠭ᠎ᠠ ᠠᠩᠬᠠᠷᠴᠤ᠂ ᠣᠷᠬᠢᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠨ᠂ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠭᠡᠳᠥ ᠬᠡᠮᠵᠢᠶ᠎ᠡ  ᠪᠠᠷ ᠴᠢᠬᠤᠯᠠᠴᠢᠯᠠᠨ ᠪᠣᠳᠠᠲᠠᠶ ᠪᠥᠭᠡᠳ ᠨᠠᠷᠢᠯᠢᠭ ᠬᠢᠵᠦ᠂ ᠬᠥᠮᠦᠨ ᠤ ᠬᠤᠭᠤᠷᠤᠨᠳᠤᠬᠢ ᠬᠢᠵᠢᠭ ᠤᠨ ᠪᠠᠶᠢᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠤ ᠱᠠᠭᠠᠷᠳᠠᠵᠠᠢ᠃
     ᠯᠢᠦ ᠬᠠᠢ ᠴᠢᠤᠸᠠᠨ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠰᠢᠪᠠᠳᠠᠨ ᠪᠠᠶᠢᠴᠠᠭᠠᠯᠲᠠ ᠪᠠᠷ ᠲᠣᠬᠢᠶᠠᠯ ᠪᠤᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠷᠠᠯᠲᠠ ᠡᠭᠦᠷᠭᠡ ᠪᠠ ᠠᠰᠠᠭᠤᠳᠠᠯ ᠤᠨ ᠳᠤᠲᠠᠭᠤᠳᠠᠯ ᠲᠠᠢ ᠬᠠᠷᠢᠴᠠᠭᠤᠯᠤᠨ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠷ  ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠤᠨ  ᠤᠯᠠᠮ ᠨᠢᠭᠡ, ᠠᠯᠬᠤᠮ ᠳᠡᠭᠡᠭᠰᠢᠯᠡᠬᠦ ᠶᠢ ᠠᠬᠢᠭᠤᠯᠤᠨ᠎ᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠶᠢ ᠴᠢᠩᠭᠠᠳᠬᠠᠵᠤ᠂ ᠬᠢᠵᠢᠭᠲᠦ ᠣᠷᠣᠨ ᠢ ᠰᠢᠢᠳᠪᠥᠷᠢᠯᠡᠬᠦ ᠪᠠ ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠤᠰᠠᠳᠬᠠᠬᠤ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠬᠢᠵᠢᠭᠲᠦ ᠰᠤᠷᠪᠤᠯᠵᠢ ᠶᠢᠨ ᠭᠠᠵᠠᠷ ᠤᠨ ᠭᠤᠤᠯᠳᠠᠯᠭ᠎ᠠ ᠲᠠᠢ ᠬᠥᠮᠦᠰ ᠤᠨ ᠴᠢᠭᠯᠡᠭᠦᠯᠬᠦ ᠴᠢᠨᠠᠷᠲᠠᠶ ᠤᠬᠠᠭᠤᠯᠭ᠎ᠠ ᠬᠢᠵᠦ ᠭᠠᠷ ᠲᠦᠷᠦᠭᠦ ᠡᠷᠴᠢᠮ ᠢ ᠨᠡᠮᠡᠭᠳᠡᠭᠦᠯᠵᠦ᠂ ᠭᠤᠣᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠵᠢᠯᠣᠭᠤᠳᠣᠯᠭ᠎ᠠ ᠶᠢ ᠪᠦᠷᠢᠨ ᠪᠦᠷᠬᠦᠭᠦᠯᠬᠦ᠂ ᠭᠠᠷ ᠲᠦᠷᠦᠭᠦ ᠶᠢ ᠪᠦᠬᠦᠨ ᠢ ᠪᠦᠷᠬᠦᠭᠦᠯᠬᠦ᠂ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠡᠷᠡᠰ ᠪᠠᠲᠤ ᠰᠠᠬᠢᠵᠤ᠂ ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠥ ᠪᠠ ᠠᠮᠢ ᠨᠠᠰᠤᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号