ᠰᠢᠤᠸᠠᠢ ᠰᠥᠩ ᠱᠥᠵᠢ ᠤᠳᠤᠷᠢᠳᠬᠤ ᠺᠠᠳ᠋ᠷᠴᠤᠳ ᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠲᠤᠬᠠᠶ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2020-07-29
     7 ᠰᠠᠷ᠎ᠠ ᠶᠢᠨ 28 ᠤ ᠡᠳᠦᠷ ᠤᠨ ᠦᠳᠡ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ︽ᠠᠷᠠᠳ ᠲᠦᠮᠡᠨ ᠢ ᠳᠡᠭᠡᠳᠦᠯᠡᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ ᠰᠢᠨ᠎ᠡ ᠴᠠᠭ ᠦᠶ᠎ᠡ ᠶᠢᠨ ᠦᠨᠳᠦᠰᠦᠨ ᠱᠠᠳᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠬᠤ︾ ᠭᠤᠤᠯ ᠰᠡᠳᠦᠪ ᠢᠶᠠᠷ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠤᠳᠤᠷᠢᠳᠬᠤ ᠺᠠᠳ᠋ᠷᠴᠤᠳ ᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠲᠤᠬᠠᠶ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠢ ᠣᠷᠣᠪᠠ᠃
     ᠰᠢᠤᠸᠠᠢ ᠰᠥᠩ ᠡᠩ ᠲᠡᠷᠢᠭᠦᠨ ᠳᠤ᠂ ᠣᠯᠠᠨ ᠲᠠᠢ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠭᠳᠠᠬᠤᠨ ᠢ ᠬᠤᠪᠢᠶᠠᠯᠴᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠣᠰ ᠤᠳᠠᠭᠠᠨ ᠤ ᠨᠠᠮ ᠤᠨ ᠬᠢᠴᠢᠶᠡᠯ ᠤᠨ ᠭᠤᠤᠯ ᠰᠡᠳᠦᠪ ᠪᠣᠯᠭᠠᠬᠤ ᠪᠣᠳᠣᠯᠬᠢᠯᠠᠯ ᠢ ᠲᠣᠳᠣᠷᠬᠠᠶᠢᠯᠠᠨ ᠥᠭᠦᠯᠡᠵᠡᠶ᠃ ᠲᠡᠷᠡ ᠬᠡᠯᠡᠬᠦ ᠳᠡᠭᠡᠨ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ᠂ ᠤᠷᠢᠳ ᠡᠮᠦᠨ᠎ᠡ ᠭᠠᠷᠤᠭ᠎ᠠ ᠦᠭᠡᠢ ᠡᠷᠴᠢᠮ ᠢᠶᠠᠷ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠬᠢᠴᠠ ᠶᠢ ᠠᠬᠢᠭᠤᠯᠵᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠶᠣᠰᠣᠭᠠᠷ ᠲᠦᠷᠦ ᠪᠠᠷᠢᠬᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠠᠮᠲᠤ ᠪᠠᠷ ᠲᠦᠯᠬᠢᠨ ᠠᠬᠢᠭᠤᠯᠬᠤ ᠶᠢ ᠪᠠᠷᠢᠮᠳᠠᠯᠠᠵᠠᠢ᠃ ᠪᠦᠬᠦ ᠬᠤᠰᠢᠭᠤ ᠳᠠᠶᠠᠭᠠᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶᠠᠨ ᠤ ᠰᠢᠢᠳᠪᠥᠷᠢᠳᠥ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠴᠢᠬᠤᠯᠠ ᠱᠠᠭᠠᠷᠳᠠᠯᠭ᠎ᠠ ᠮᠥᠨ᠂ ᠠᠷᠠᠳ ᠣᠯᠠᠨ ᠤ ᠲᠤᠯᠭᠠᠮ᠎ᠠ ᠬᠡᠷᠡᠭᠴᠡᠭᠡ ᠪᠠ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠨᠵᠡᠭᠡᠶ ᠲᠠᠨᠢᠵᠤ᠂ ᠪᠥᠬᠦ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨ ᠪᠣᠳᠠᠲᠠᠢ ᠵᠠᠰᠠᠯᠲᠠ ᠶᠢᠨ ᠦᠷ᠎ᠡ ᠪᠦᠲᠦᠮᠵᠢ ᠪᠤᠯᠭᠠᠨ ᠬᠤᠪᠢᠷᠠᠭᠤᠯᠬᠤ ᠪᠠᠷ ᠴᠢᠷᠮᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠥᠨᠳᠥᠷ ᠪᠦᠲᠦᠮᠵᠢᠲᠡᠢ ᠵᠠᠰᠠᠯᠲᠠ︾ ᠶᠢᠨ ᠱᠠᠭᠠᠷᠳᠠᠯᠭ᠎ᠠ ᠶᠢ ᠦᠨᠳᠦᠰᠦᠨ ᠱᠠᠲᠤᠨ ᠳᠤ ᠦᠨᠡᠨᠬᠦ ᠨᠠᠶᠢᠳᠠᠪᠤᠷᠢᠵᠢᠭᠤᠯᠤᠨ᠎ᠠ᠃
     ᠰᠢᠤᠸᠠᠢ ᠰᠦᠩ ᠴᠢᠬᠤᠯᠠᠴᠢᠯᠠᠭᠰᠠᠨ ᠨᠢ᠂ ᠤᠳᠤᠷᠢᠳᠬᠤ ᠺᠠᠳ᠋ᠷ ᠪᠣᠯ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠵᠠᠩᠭᠢᠯᠠᠭ᠎ᠠ ᠮᠥᠨ᠂ ᠮᠥᠨ ᠴᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠮᠥᠨ᠂ ᠡᠷᠬᠡᠪᠰᠢ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠬᠠᠤᠯᠢ ᠶᠢ ᠰᠤᠷᠤᠯᠴᠠᠬᠤ᠂ ᠵᠢᠱᠢᠶᠡᠴᠢ ᠪᠠᠷ ᠬᠠᠤᠯᠢ ᠶᠢ ᠬᠦᠨᠳᠦᠳᠬᠡᠬᠦ᠂ ᠬᠠᠤᠯᠢ ᠶᠢ ᠴᠢᠳᠠᠮᠠᠭᠠᠢ ᠬᠡᠷᠡᠭᠯᠡᠬᠦ ᠦᠯᠢᠭᠡᠷ ᠳᠠᠭᠤᠷᠢᠶᠠᠯ ᠪᠤᠯᠵᠤ᠂ ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠰᠢᠢᠳᠪᠥᠷᠢᠳᠥ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠦᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ  ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮᠵᠢᠯ ᠲᠠᠢ᠂ ᠢᠯᠡ ᠪᠠᠷ ᠠᠵᠢᠯᠯᠠᠬᠤ ᠶᠢ ᠦᠨᠡᠨᠬᠦ ᠪᠠᠲᠤᠯᠠᠨ᠎ᠠ᠃      ᠨᠠᠮ ᠤᠨ ᠬᠢᠴᠢᠶᠡᠯ ᠢ ᠬᠠᠷᠠᠭᠠᠨ ᠳᠠᠪᠲᠠᠮᠵᠢᠲᠤ ᠬᠤᠷᠠᠯ ᠤᠨ ᠬᠡᠯᠪᠡᠷᠢ ᠪᠠᠷ ᠶᠠᠪᠤᠭᠳᠠᠭᠤᠯᠵᠤ᠂ ᠡᠯ᠎ᠡ ᠰᠤᠮᠤ ᠰᠢᠶᠠᠩ ᠪᠠᠯᠭᠠᠰᠤ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠣᠭᠤᠶᠢᠯᠠᠩ︶ ᠶᠢᠨ ᠱᠦᠵᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠨᠠᠮ ᠤᠨ ᠬᠢᠴᠢᠶᠡᠯ ᠰᠣᠨᠣᠰᠴᠠᠶ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号