ᠯᠢᠦ ᠬᠠᠢ ᠴᠢᠤᠸᠠᠨ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠬᠠᠮᠤᠭ ᠡᠴᠦᠰ ᠤᠨ ᠨᠢᠭᠡ ᠺᠢᠯᠥᠮᠧᠲᠷ︾ ᠤᠨ ᠢᠯᠠᠯᠲᠠ ᠶᠢ ᠲᠡᠮᠡᠴᠡᠨ ᠣᠯᠬᠤ ᠪᠠᠷ ᠴᠢᠷᠮᠠᠶᠢᠶ᠎ᠠ
ᠨᠡᠶᠢᠲᠡᠯᠡᠭᠰᠡᠨ ᠴᠠᠭ᠄
2020-07-03
     6 ᠰᠠᠷ᠎ᠠ ᠶᠢᠨ 27 ᠤ ᠡᠳᠦᠷ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠤᠷᠢᠳ ᠬᠤᠵᠢᠳ ᠦᠬᠡᠷᠬᠤᠳᠳᠤᠭ ᠪᠠᠯᠭᠠᠰᠤ᠂ ᠰᠢᠪᠠᠷᠭᠦᠷᠢᠶ᠎ᠡ ᠪᠠᠯᠭᠠᠰᠤ᠂ ᠰᠢ ᠾᠧ ᠰᠢᠶᠠᠩ ᠵᠡᠷᠭᠡ ᠭᠠᠵᠠᠷ ᠲᠤ ᠭᠦᠨᠵᠡᠭᠡᠶᠢᠷᠡᠨ᠂ ᠠᠶᠢᠯ ᠡᠷᠦᠬᠡ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠪᠠᠶᠢᠴᠠᠭᠠᠨ ᠦᠵᠡᠵᠥ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠢᠴᠢ ︽ᠲᠠᠪᠤᠨ ᠨᠢᠭᠡ ᠪᠦᠯᠦᠭ︾ ᠤᠨ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠶᠢ ᠨᠠᠷ ᠶᠢᠨ ᠣᠶᠢᠯᠠᠭᠠᠵᠤ᠂ ᠶᠠᠳᠠᠭᠤ ᠬᠦᠴᠢᠷᠳᠡᠯᠲᠡᠶ ᠡᠷᠦᠬᠡ ᠲᠠᠢ ᠬᠠᠮᠲᠤ ᠪᠠᠷ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ︽ᠴᠡᠪᠡᠷ ᠠᠰᠢᠭ ᠤᠨ ᠬᠠᠭᠤᠳᠠᠰᠤ︾ ᠶᠢ ᠲᠣᠭᠠᠯᠠᠨ ᠪᠥᠷᠢᠳᠬᠡᠪᠡ᠃ ᠡᠷᠦᠬᠡ ᠪᠦᠷᠢ ᠳᠤ ᠯᠢᠦ ᠬᠠᠶ ᠴᠢᠤᠸᠠᠨ ᠴᠥᠮ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠳᠤ ᠬᠠᠨᠤᠮᠵᠢᠲᠠᠶ ᠪᠠᠶᠢᠬᠤ ᠡᠰᠡᠬᠦ ᠶᠢ ᠠᠰᠠᠭᠤᠨ ᠯᠠᠪᠯᠡᠵᠥ᠂ ᠲᠡᠳᠡᠨ ᠤ ᠨᠠᠮ ᠤᠨ ᠠᠴᠢ ᠡᠨᠡᠷᠢᠯ ᠳᠤ ᠲᠠᠯᠠᠷᠬᠠᠬᠤ᠂ ᠥᠭᠡᠳᠡᠯᠡᠨ ᠳᠠᠪᠰᠢᠬᠤ ᠶᠢ ᠵᠣᠷᠢᠭᠵᠢᠭᠤᠯᠵᠤ᠂ ᠥᠪᠡᠷ ᠤᠨ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠰᠠᠶᠢᠨ ᠰᠠᠶᠢᠬᠠᠨ ᠰᠢᠨ᠎ᠡ ᠠᠮᠢᠳᠤᠷᠠᠯ ᠢᠶᠠᠨ ᠴᠣᠭᠴᠠᠯᠠᠬᠤ ᠶᠢ ᠵᠣᠷᠢᠭᠵᠢᠭᠤᠯᠪᠠ᠃
      ᠯᠢᠦ ᠬᠠᠢ ᠴᠢᠤᠸᠠᠨ ᠵᠢᠭᠠᠵᠤ ᠭᠠᠷᠭᠠᠭᠰᠠᠨ ᠨᠢ᠂ 2020 ᠣᠨ ᠤ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠤᠷᠠᠬᠢ ᠬᠥᠳᠡᠭᠡ ᠲᠣᠰᠬᠤᠨ ᠤ ᠶᠠᠳᠠᠭᠤ ᠬᠥᠴᠢᠷᠳᠡᠯᠳᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠪᠦᠬᠦ ᠳᠡᠯᠡᠬᠡᠶ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ ᠶᠠᠮᠠᠷ ᠴᠤ ᠤᠬᠤᠷᠢᠬᠤ ᠵᠠᠮ ᠪᠠ ᠬᠠᠷᠢᠮᠠᠬᠠᠶ ᠴᠢᠨᠠᠷ ᠪᠠᠶ᠋ᠬᠤ ᠦᠭᠡᠢ᠃ ᠡᠯ᠎ᠡ ᠱᠠᠲᠤᠨ ᠤ ᠶᠠᠳᠠᠭᠤ ᠶᠢ ᠲᠡᠳᠬᠦᠬᠦ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠵᠢᠷᠭᠤᠭᠠᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠨᠢᠭᠡ ᠡᠷᠦᠬᠡ ᠴᠦ ᠣᠷᠬᠢᠭᠳᠠᠯ ᠦᠭᠡᠢ ᠪᠠᠷ ᠪᠠᠶᠢᠴᠠᠭᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠥᠪ ᠴᠢᠩᠭ᠎ᠠ ᠠᠵᠢᠯ ᠤᠨ ᠰᠤᠷᠲᠠᠯ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠥ᠂ ᠡᠷᠡᠰ ᠪᠠᠲᠤ ᠤᠯᠤᠰ ᠲᠥᠷᠥ ᠶᠢᠨ ᠡᠭᠦᠷᠭᠡᠯᠡᠯ ᠢᠶᠠᠷ ︽ᠶᠡᠭᠡ ᠰᠢᠯᠭᠠᠯᠲᠠ︾ ᠶᠢ ᠤᠭᠲᠤᠵᠤ᠂ ᠠᠰᠠᠭᠤᠳᠠᠯ ᠢ ᠲᠡᠤᠬᠡ ᠳᠤ ᠦᠯᠡᠳᠡᠭᠡᠵᠦ ᠬᠠᠷᠠᠮᠰᠠᠯ ᠢᠶᠠᠨ ᠠᠷᠠᠳ ᠲᠦᠮᠡᠨ ᠳᠤ ᠦᠯᠡᠳᠡᠭᠡᠵᠦ ᠶᠠᠭᠠᠬᠢᠭᠰᠠᠨ ᠴᠤ ᠪᠣᠯᠬᠤ ᠦᠭᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠬᠠᠮᠤᠭ ᠰᠡᠭᠦᠯᠴᠢ ᠶᠢᠨ ᠨᠢᠭᠡ ᠺᠢᠯᠥᠮᠧᠲᠷ︾ ᠲᠤ ᠬᠥᠷᠴᠥ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠬᠤ ᠬᠡᠷᠡᠭᠳᠡᠢ᠃
     ᠯᠢᠦ ᠬᠠᠢ ᠴᠢᠤᠸᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢ ᠠᠷᠠᠳ ᠤᠯᠠᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠃ ᠦᠨᠡᠨ ᠢ ᠪᠠᠷᠢᠮᠲᠠᠯᠠᠨ ᠨᠠᠮ ᠤᠨ ᠡᠯ᠎ᠡ ᠵᠦᠢᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠭᠥᠢᠴᠡᠳ ᠪᠥᠭᠡᠳ ᠠᠮᠢᠳᠤᠯᠢᠭ ᠬᠡᠷᠡᠭᠯᠡᠵᠦ᠂ ᠡᠷᠦᠬᠡ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠠᠪᠴᠥ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠢᠯ ᠢ ᠪᠠᠲᠤᠯᠠᠬᠤ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠪᠠ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠨ ᠳᠡᠮᠵᠢᠬᠦ ᠵᠡᠷᠭᠡ ᠠᠵᠢᠯ ᠢ ᠰᠠᠶᠢᠲᠤᠷ ᠬᠢᠵᠥ᠂ ᠡᠨᠡ ᠵᠢᠯ ᠤᠨ ᠡᠷᠦᠬᠡ ᠳᠤ ᠬᠦᠷᠦᠭᠰᠡᠨ ᠠᠵᠤ ᠦᠢᠯᠡᠰ ᠢ ᠰᠠᠶᠢᠲᠤᠷ ᠲᠥᠰᠦᠪᠯᠡᠨ ᠬᠡᠷᠡᠭᠵᠢᠭᠦᠯᠵᠦ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠥᠪᠡᠷ ᠢ ᠪᠠᠨ ᠭᠥᠭᠵᠢᠭᠦᠯᠬᠦ ᠴᠢᠳᠠᠪᠤᠷᠢ ᠪᠠ ᠣᠷᠣᠯᠭ᠎ᠠ ᠶᠢᠨ ᠲᠦᠪᠰᠢᠨ ᠢ ᠲᠣᠭᠲᠠᠭᠤᠨ ᠪᠠᠶᠢᠯᠭᠠᠬᠤ ᠶᠢ ᠦᠨᠡᠨ ᠬᠦ ᠴᠢᠩᠭᠠᠳᠬᠠᠨ᠎ᠠ᠃ ᠶᠡᠷᠦᠩᠬᠡᠶ ᠱᠦᠵᠢ ᠰᠢ ᠶᠢᠨ ᠫᠢᠩ ᠤᠨ ︽ᠶᠠᠳᠠᠭᠤ ᠠᠴᠠ ᠠᠩᠭᠢᠵᠢᠷᠠᠬᠤ ᠪᠣᠯ ᠡᠴᠦᠰ ᠤᠨ ᠴᠡᠭ ᠪᠢᠰᠢ ᠭᠡᠳᠡᠭ ᠢ ᠭᠥᠨᠵᠡᠭᠡᠢ ᠣᠶᠢᠯᠠᠭᠠᠵᠤ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠲᠡ ᠶᠢᠨ ᠴᠡᠭ ᠮᠥᠨ︾ ᠭᠡᠬᠦ ᠬᠦᠰᠡᠯ ᠱᠠᠭᠠᠷᠳᠠᠯᠭ᠎ᠠ  ᠶᠢ ᠭᠥᠨ ᠭᠥᠨᠵᠡᠭᠡᠢ ᠤᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ︽ᠪᠤᠵᠠᠷ ᠪᠤᠷᠲᠠᠭ᠂ ᠰᠠᠮᠠᠭᠤᠨ᠂ ᠮᠠᠭᠤ ᠶᠢ ᠵᠠᠰᠠᠬᠤ ᠠᠴᠠ ᠭᠠᠷᠳᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠥᠳᠡᠭᠡ ᠲᠣᠰᠬᠤᠨ ᠤ ᠬᠡᠪ ᠰᠤᠷᠳᠠᠯ ᠤᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠳᠠᠷᠬᠠᠨ ᠮᠤᠤᠮᠢᠩᠭᠠᠨ ᠤ ᠶᠠᠳᠠᠭᠤ ᠶᠢ ᠲᠡᠳᠬᠦᠬᠦ ᠦᠯᠢᠭᠡᠷ ᠵᠢᠱᠢᠶ᠎ᠡ ᠶᠢ ᠰᠠᠶᠢᠲᠤᠷ ᠤᠬᠠᠭᠤᠯᠵᠥ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠲᠡᠮᠡᠴᠡᠯ ᠤᠨ ᠵᠣᠷᠢᠭ ᠰᠠᠨᠠᠭ᠎ᠠ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠨᠡᠩ ᠰᠠᠶᠢᠨ ᠰᠠᠶᠢᠬᠠᠨ ᠬᠥᠭᠵᠢᠯᠲᠡ ᠶᠢᠨ ᠢᠷᠡᠭᠡᠳᠦᠢ ᠶᠢ ᠴᠢᠷᠮᠠᠶᠢᠨ ᠨᠡᠭᠡᠭᠡᠨ᠎ᠡ᠃      ᠬᠤᠰᠢᠭᠤᠨ ᠤ ᠤᠳᠤᠷᠢᠳᠤᠯᠭ᠎ᠠ ᠮᠠ ᠴᠢᠤᠸᠠᠨ ᠸᠠᠩ᠂ ᠮᠥᠩᠭᠡᠪᠠᠭᠠᠳᠤᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠡ᠃      6 ᠰᠠᠷ᠎ᠠ ᠶᠢᠨ 28 ᠤ ᠡᠳᠦᠷ ᠤᠨ ᠦᠳᠡ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠥ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠤᠯᠤᠰ ᠲᠥᠷᠥ ᠶᠢᠨ ᠵᠣᠭᠰᠣᠯᠳᠡ ᠪᠠᠨ ᠤᠯᠠᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠳᠤᠬᠠᠢ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠤᠯᠬᠤ ᠳᠤ ᠦᠨᠡᠨᠬᠦ ᠬᠦᠴᠦᠲᠡᠢ ᠪᠠᠲᠤᠯᠠᠭ᠎ᠠ ᠬᠠᠩᠭᠠᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠤᠯᠭ᠎ᠠ ᠶᠢᠨ ᠰᠤᠷᠤᠯᠴᠠᠯᠭ᠎ᠠ ᠶᠢ ᠦᠨᠡᠨᠬᠦ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠣᠨᠣᠪᠴᠢᠲᠠᠶ ᠣᠶᠢᠯᠭᠠᠨ ᠬᠡᠷᠡᠭᠵᠢᠭᠦᠯᠵᠦ᠂ ᠠᠵᠢᠯ ᠤᠨ ᠲᠣᠭᠲᠠᠴᠠ ᠪᠣᠯᠤᠨ ᠦᠢᠯᠡᠴᠢᠯᠡᠭᠡᠨ ᠤ ᠠᠷᠭ᠎ᠠ ᠬᠡᠮᠵᠢᠶ᠎ᠡ  ᠪᠠᠨ ᠰᠢᠨᠡᠴᠢᠯᠡᠵᠥ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠥᠨ᠎ᠡ᠃ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠬᠠᠨᠳᠤᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠥ᠂ ᠲᠣᠰᠬᠤᠨ ᠡᠷᠦᠬᠡ ᠳᠤ ᠬᠦᠷᠴᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠭᠦᠨᠵᠡᠭᠡᠶ ᠥᠷᠨᠢᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠵᠥ᠂ ᠨᠠᠷᠢᠯᠢᠭ ᠣᠨᠣᠴᠠᠲᠠᠶ ᠪᠠᠷ ᠵᠢᠭᠡᠯᠡᠯᠭᠡ ᠲᠠᠯᠪᠢᠵᠤ᠂ ᠲᠥᠷᠥ ᠶᠢᠨ ᠪᠣᠳᠣᠯᠭ᠎ᠠ ᠶᠢᠨ ᠳᠡᠭᠡᠳᠥ ᠬᠢᠵᠠᠭᠠᠷ ᠶᠣᠰᠣᠭᠠᠷ ᠶᠠᠳᠠᠭᠤ ᠬᠦᠴᠢᠷᠳᠡᠯᠲᠡᠶ ᠡᠷᠦᠬᠡ ᠶᠢᠨ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠠᠯᠢ ᠴᠢᠳᠠᠬᠤ ᠪᠠᠷ ᠬᠠᠩᠭᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ ᠃ ᠶᠠᠳᠠᠭᠤ ᠬᠦᠴᠢᠷᠳᠡᠯᠲᠡᠶ ᠣᠯᠠᠨ ᠲᠦᠮᠡᠨ ᠤ ᠵᠢᠭᠡᠯᠡᠯᠭᠡ ᠶᠢᠨ ᠬᠦᠰᠡᠯ ᠢ ᠳᠠᠬᠢᠨ ᠣᠶᠢᠯᠠᠭᠠᠵᠤ᠂ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠳᠪᠥᠷᠢᠯᠡᠯ ᠬᠥᠭᠵᠢᠯᠲᠡ ᠶᠢᠨ ᠬᠦᠰᠡᠯ ᠡᠷᠡᠮᠡᠯᠵᠡᠯ ᠲᠠᠢ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠡᠷᠦᠬᠡ ᠳᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠪᠦᠬᠦᠨ ᠢ ᠪᠦᠷᠬᠦᠭᠦᠯᠬᠦ ᠶᠢ ᠦᠨᠡᠨᠬᠦ ᠪᠠᠲᠤᠯᠠᠨ᠎ᠠ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠳᠡᠭᠦᠯᠳᠡᠷᠵᠢᠭᠦᠯᠵᠥ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠡᠷᠡᠭᠴᠡᠭᠡ ᠪᠠ ᠦᠷ᠎ᠡ ᠪᠦᠲᠦᠮᠵᠢ ᠶᠢ ᠪᠤᠰᠤᠳᠴᠢ ᠪᠠᠷ ᠦᠨᠡᠨ ᠪᠣᠳᠠᠲᠠᠶ ᠪᠠᠷ ᠲᠤᠰᠬᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ ᠳᠥᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠬᠡᠷᠡᠭᠲᠡᠶ᠃       ᠬᠤᠰᠢᠭᠤᠨ ᠤ ᠤᠳᠤᠷᠢᠳᠤᠯᠭ᠎ᠠ ᠮᠠ ᠴᠢᠤᠸᠠᠨ ᠸᠠᠩ᠂ ᠶᠠᠩ ᠶᠠᠩ ᠬᠤᠷᠠᠯ ᠳᠤ ᠣᠷᠣᠯᠴᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号