ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠪᠦᠬᠦ ᠬᠤᠰᠢᠭᠤᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-03
     6 ᠰᠠᠷ᠎ᠠ ᠶᠢᠨ 30 ᠤ ᠦᠳᠡ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠷᠠᠯ ᠤᠨ ᠶᠠᠪᠤᠳᠠᠯ ᠤᠨ ᠲᠥᠪ ᠲᠤ ᠪᠥᠬᠦ ᠬᠤᠰᠢᠭᠤᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠷᠠᠯ ᠳᠤ ᠣᠷᠣᠯᠴᠠᠵᠥ ᠶᠠᠷᠢᠶ᠎ᠠ ᠲᠠᠯᠪᠢᠵᠠᠶ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠷᠠᠯ ᠡᠷᠬᠢᠯᠡᠵᠥ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠣᠣ ᠫᠸᠢ ᠴᠢᠩ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠠᠳᠠᠯᠤᠯᠳᠠ ᠬᠢᠪᠠ᠃
     ᠬᠤᠷᠠᠯ ᠳᠡᠭᠡᠷ᠎ᠡ᠂ ︽ᠤᠯᠤᠰ ᠤᠨ ᠬᠢᠨᠠᠨ ᠪᠠᠶᠢᠴᠠᠭᠠᠯᠲᠠ︾ ᠭᠡᠬᠦ ᠳᠤᠰᠬᠠᠢ ᠹᠢᠯᠢᠮ  ᠳᠠᠬᠢ ᠨᠢᠭᠡ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ ᠤᠨ ᠨᠡᠶᠢᠲᠡᠯᠢᠭ ᠵᠢᠱᠢᠶ᠎ᠡ ᠪᠣᠯᠤᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ  ᠵᠥᠪᠯᠡᠯ ᠤᠨ ᠦᠢᠯᠡᠳᠥᠭᠰᠡᠨ ᠰᠡᠷᠡᠮᠵᠢ ᠶᠢᠨ ᠬᠥᠮᠦᠵᠢᠯ ᠤᠨ ᠹᠢᠯᠢᠮ ᠢ ᠬᠠᠮᠳᠤᠪᠡᠷ ᠦᠵᠡᠵᠥ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠠᠵᠢᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ᠂ ᠬᠡᠯᠪᠡᠷᠢ ᠶᠢᠨ ᠦᠵᠡᠯ ᠪᠠ ᠨᠣᠶᠠᠨᠴᠢ ᠰᠤᠷᠲᠠᠯ᠂ ᠦᠨᠳᠦᠰᠦᠨ ᠱᠠᠳᠤᠨ ᠤ ᠡᠳ᠋ ᠤᠨ ᠶᠠᠪᠤᠳᠠᠯ ᠤᠨ ᠬᠠᠮᠢᠶᠠᠷᠤᠯᠲᠠ᠂ ᠤᠯᠠᠨ ᠲᠦᠮᠡᠨ ᠤ ᠳᠡᠷᠭᠡᠳᠡᠬᠢ ︽ᠪᠢᠴᠢᠯ ᠢᠯᠵᠠᠷᠠᠯ︾ ᠵᠡᠷᠭᠡ 7 ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ ᠵᠠᠳᠠᠯᠪᠠ᠃      ᠬᠤᠷᠠᠯ ᠠᠴᠠ ᠠᠴᠠ ᠣᠨᠴᠠᠭᠠᠶᠢᠯᠠᠨ ᠱᠠᠭᠠᠷᠳᠠᠭᠰᠠᠨ ᠨᠢ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠭᠦᠨᠵᠡᠭᠡᠶ ᠡᠷᠭᠢᠴᠡᠭᠦᠯᠦᠨ ᠪᠣᠳᠣᠵᠤ᠂ ᠬᠡᠷᠡᠭ ᠤᠴᠢᠷ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠥᠪᠡᠷ ᠤᠨ ᠠᠵᠢᠯ ᠤᠨ ᠪᠠᠶᠢᠷᠢ᠂ ᠵᠣᠯ ᠵᠢᠷᠭᠠᠯᠲᠤ ᠭᠡᠷ ᠪᠦᠯᠢ ᠪᠠᠨ ᠨᠠᠨᠳᠢᠩᠨᠠᠵᠤ᠂ ᠥᠪᠡᠷ ᠤᠨ ᠤᠯᠤᠰ ᠲᠦᠷᠦ ᠶᠢᠨ ᠠᠮᠢ ᠨᠠᠰᠤ ᠪᠠᠨ ᠨᠠᠨᠳᠢᠩᠨᠠᠵᠤ᠂ ᠠᠵᠢᠯᠴᠢ ᠬᠢᠴᠢᠶᠡᠩᠭᠦᠢ ᠪᠠᠷ ᠠᠵᠢᠯ ᠬᠢᠵᠦ᠂ ᠠᠷᠢᠭᠤᠨ ᠴᠢᠬᠡᠴᠢ ᠪᠠᠷ ᠬᠥᠮᠦᠨ ᠪᠣᠯᠬᠤ ᠬᠡᠷᠡᠭᠲᠡᠢ᠃
     ᠰᠢᠤᠸᠠᠢ ᠰᠦᠩ ᠴᠢᠬᠤᠯᠠ ᠶᠠᠷᠢᠶ᠎ᠠ ᠲᠠᠯᠪᠢᠪᠠ᠃      ᠰᠢᠤᠸᠠᠢ ᠰᠦᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠨ ᠬᠥᠭᠵᠢᠬᠦ ᠶᠢ ᠢᠮᠠᠭᠲᠠ ᠲᠤᠤᠱᠯᠠᠭᠤᠯᠬᠤ ᠬᠡᠷᠡᠭᠲᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠪᠣᠯ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠨᠵᠡᠭᠡᠶ ᠣᠶᠢᠯᠠᠭᠠᠵᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ  ᠪᠠᠳᠤᠯᠠᠭ᠎ᠠ ᠮᠥᠨ ᠭᠡᠳᠡᠭ ᠢ ᠭᠦᠢᠴᠡᠳ ᠲᠠᠨᠢᠵᠤ᠂ ᠤᠬ ᠰᠠᠨᠠᠭ᠎ᠠ ᠪᠠᠨ ᠬᠠᠲᠠᠭᠤᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ︔ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠢᠯᠵᠠᠷᠠᠯ ᠢ ᠡᠰᠡᠷᠭᠦᠴᠡᠬᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠳᠠᠭᠤᠰᠤᠰᠢ ᠦᠭᠡᠢ ᠬᠠᠳᠠᠨ ᠵᠣᠷᠢᠭ ᠢᠶᠠᠷ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠶ︔ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠮᠥᠨ ᠴᠢᠨᠠᠷ ᠢ ᠪᠠᠲᠤᠯᠠᠬᠤ ᠬᠡᠷᠡᠭᠲᠡᠢ᠃ ᠢᠮᠠᠭᠲᠠ ᠤᠯᠤᠰ ᠲᠥᠷᠥ ᠶᠢ ᠡᠷᠬᠢᠮᠯᠡᠬᠦ᠂ ᠬᠠᠷᠢᠭᠤᠴᠠᠯᠭ᠎ᠠ ᠶᠢ ᠡᠷᠬᠢᠮᠯᠡᠬᠦ ᠦᠨᠳᠦᠷᠴᠡ ᠳᠤ ᠵᠣᠭᠰᠣᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠪ ᠬᠠᠮᠲᠤᠴᠤᠳ ᠤ ᠤᠶᠤᠨ ᠰᠠᠨᠠᠭᠠᠨ ᠤ ᠬᠥᠭᠡᠭᠡᠴᠡᠯᠳᠦᠯ ᠪᠠ ᠠᠷᠠᠳ ᠲᠦᠮᠡᠨ ᠤ ᠠᠯᠪᠠᠨ ᠵᠠᠷᠤᠴᠠ ᠶᠢᠨ ᠤᠯᠤᠰ ᠲᠦᠷᠦ ᠶᠢᠨ ᠮᠥᠨ ᠴᠢᠨᠠᠷ ᠢ ᠡᠭᠦᠷᠢᠳᠡ ᠬᠠᠳᠠᠭᠠᠯᠠᠨ᠎ᠠ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠵᠠᠩ ᠴᠢᠨᠠᠷ ᠢ ᠳᠠᠰᠤᠷᠠᠯᠳᠠ ᠦᠭᠡᠢ ᠳᠠᠪᠲᠠᠨ ᠪᠣᠯᠪᠠᠰᠤᠷᠠᠭᠤᠯᠵᠤ᠂ ᠨᠠᠮ ᠤᠨ ᠲᠥᠯᠥᠭᠡ ᠠᠷᠠᠳ ᠤᠨ ᠲᠥᠯᠥᠭᠡ ᠰᠠᠨᠠᠭ᠎ᠠ ᠲᠠᠯᠪᠢᠵᠤ᠂ ᠬᠥᠭᠵᠢᠯᠲᠡ ᠰᠡᠷᠭᠦᠨ ᠮᠠᠨᠳᠤᠯᠲᠠ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠶ ᠡᠭᠦᠷᠭᠡᠯᠡᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠢᠷᠭᠠᠭᠤ ᠬᠠᠲᠠᠭᠤᠵᠢᠯᠲᠠᠶ ᠠᠵᠢᠯᠯᠠᠬᠤ ᠪᠠ ᠪᠣᠳᠠᠲᠠᠶ ᠠᠵᠢᠯᠯᠠᠬᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕
     ᠯᠢᠦ ᠬᠠᠢ ᠴᠢᠤᠸᠠᠨ ᠬᠤᠷᠠᠯ ᠢ ᠡᠷᠬᠢᠯᠡᠵᠡᠢ᠃      ᠶᠡᠭᠡ ᠬᠤᠷᠠᠯ ᠠᠴᠠ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠬᠡᠷᠡᠭ ᠢᠶᠠᠷ ᠲᠣᠯᠢ ᠪᠣᠯᠭᠠᠵᠤ᠂ ᠴᠡᠭᠡᠷᠯᠡᠯ ᠪᠣᠯᠭᠠᠬᠤ ᠬᠡᠷᠡᠭᠲᠡᠶ ᠭᠡᠵᠦ ᠱᠠᠭᠠᠷᠳᠠᠵᠠᠢ᠃ ᠢᠯᠵᠠᠷᠠᠯ ᠢ ᠡᠰᠡᠷᠭᠦᠴᠡᠨ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠤᠢ ᠪᠣᠯᠭᠠᠨ᠎ᠠ᠃ ᠵᠣᠷᠢᠭᠲᠠᠢ ᠠᠳᠬᠤᠨ ᠵᠣᠷᠢᠭᠲᠠᠢ ᠬᠠᠮᠢᠶᠠᠷᠴᠤ᠂ ᠵᠣᠷᠢᠭᠲᠠᠢ ᠪᠠᠷ ᠲᠡᠮᠡᠴᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠬᠤ ᠬᠡᠷᠡᠭᠲᠡᠢ᠃ ᠬᠠᠤᠯᠢ ᠶᠣᠰᠣᠭᠠᠷ ᠬᠢᠨᠠᠯᠲᠠ ᠲᠠᠯᠪᠢᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ᠃ ᠭᠠᠪᠰᠢᠭᠠᠶᠢᠯᠠᠨ ᠪᠠᠶᠢᠯᠳᠤᠵᠤ᠂ ᠡᠭᠦᠷᠭᠡᠯᠡᠯ ᠢᠶᠠᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃
     ᠶᠣᠣ ᠫᠸᠢ ᠴᠢᠩ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠢᠪᠡ᠃      ᠶᠡᠭᠡ ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠵᠥ᠂ ᠪᠦᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠳᠤ 13 ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠪᠦᠬᠦ ᠬᠤᠰᠢᠭᠤᠨ ᠤ ᠰᠢᠶᠠᠨ ᠤ ᠲᠡᠰ ᠤᠨ ᠤᠳᠤᠷᠢᠳᠤᠯᠭ᠎ᠠ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠰᠢᠭᠤᠳ ᠬᠠᠮᠢᠶᠠᠷᠤᠯᠲᠠ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠵᠢᠴᠢ ᠪᠠᠶᠢᠭᠤᠯᠭ᠎ᠠ ᠶᠢᠨ ᠪᠦᠬᠦ ᠺᠠᠳ᠋ᠷ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠣᠯᠤᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ︵ᠭᠠᠷᠭᠠᠭᠰᠠᠨ︶ ᠪᠠᠶᠢᠭᠤᠯᠤᠮᠵᠢ ᠶᠢᠨ ᠪᠦᠬᠦ ᠪᠦᠷᠢᠯᠳᠦᠬᠦᠨ᠂ ᠡᠯ᠎ᠡ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠵᠢᠴᠢ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠨᠡᠶᠢᠲᠡ 400 ᠭᠠᠷᠤᠢ ᠬᠥᠮᠦᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠣᠷᠣᠯᠴᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号