ᠡᠬᠡ ᠤᠯᠤᠰ ᠤᠨ ᠤᠮᠠᠷᠠᠳᠤ ᠬᠢᠯᠢ ᠶᠢᠨ ᠳᠠᠷᠬᠠᠨ ᠰᠠᠬᠢᠭᠴᠢ— ᠠᠳᠢᠶ᠎ᠠ
ᠨᠡᠶᠢᠲᠡᠯᠡᠭᠰᠡᠨ ᠴᠠᠭ᠄
2020-07-03
     2020 ᠤᠨ ᠤ6 ᠰᠠᠷ᠎ᠠ ᠶᠢᠨ23 ᠤ ᠡᠳᠥᠷ ᠤᠨ ᠦᠳᠡ ᠤᠨ ᠬᠤᠶᠢᠨᠠᠬᠢ᠂ ᠬᠦᠬᠡᠬᠠᠥᠳᠡ ᠳᠤ ᠶᠠᠪᠤᠭᠳᠠᠭᠰᠠᠨ ᠤᠮᠠᠷᠠᠳᠥ ᠬᠢᠯᠢ ᠶᠢᠨ ᠵᠢᠱᠢᠶᠡᠴᠢ ᠶᠢᠨ ᠳᠡᠷᠢᠭᠦᠨ ᠤ ᠦᠢᠯᠡ ᠠᠵᠢᠯᠯᠠᠭ᠎ᠠ ᠶᠢ ᠨᠡᠶᠢᠳᠡᠯᠡᠬᠦ ᠬᠤᠷᠠᠯ ᠳᠡᠭᠡᠷ᠎ᠡ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠮᠠᠨᠳᠥᠯ ᠪᠠᠯᠭᠠᠰᠤᠨ ᠤ ᠮᠠᠯᠴᠢᠨ ᠠᠳᠢᠶ᠎ᠠ ᠳᠤ ᠥᠪᠥᠷ ᠮᠣᠩᠭᠤᠯ ᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ︽ᠤᠮᠠᠷᠠᠳᠥ ᠬᠢᠯᠢ ᠶᠢᠨ ᠵᠢᠱᠢᠶᠡᠴᠢ︾ ᠶᠢᠨ ᠢᠷᠠᠭᠤ ᠠᠯᠳᠠᠷ ᠤᠨ ᠴᠤᠯᠠ ᠶᠢ ᠣᠯᠭᠤᠪᠠ᠃ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠡᠷᠢᠭᠦᠯᠡᠭᠴᠢ᠂ ᠳᠣᠳᠣᠭᠠᠳᠣ ᠶᠢ ᠬᠠᠮᠠᠭᠠᠯᠠᠬᠤ ᠳᠢᠩᠭᠢᠮ ᠤᠨ ᠳᠠᠷᠤᠭ᠎ᠠ ᠾᠧᠩ ᠰᠢᠶᠣᠣ ᠹᠠᠨ ᠠᠳᠢᠶ᠎ᠠ ᠨᠥᠬᠦᠷ ᠲᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠳᠡᠮᠳᠡᠭ ᠭᠠᠷᠳᠠᠭᠤᠯᠵᠤ ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠱᠥᠵᠢ ᠰᠢᠤᠸᠠᠢ ᠰᠥᠩ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ᠳᠠᠷᠤᠭ᠎ᠠ ᠵᠠᠩ ᠪᠠᠭᠠᠨ᠎ᠠ ᠠᠬᠤᠢ ᠳᠠᠯᠠᠪᠠᠢ ᠳᠤ ᠬᠥᠷᠥᠯᠴᠠᠨ ᠣᠴᠢᠭᠰᠠᠨ ᠪᠠᠶᠢᠨ᠎ᠠ᠃
     ᠬᠤᠷᠠᠯ ᠳᠤ ᠠᠳᠢᠶ᠎ᠠ ᠨᠥᠬᠦᠷ ᠤᠨ ᠳᠡᠷᠢᠭᠦᠨ ᠤ ᠦᠢᠯᠡ ᠠᠵᠢᠯᠯᠠᠭ᠎ᠠ ᠶᠢᠨ ᠣᠬᠤᠷ ᠹᠢᠯᠢᠮ ᠢ ᠰᠣᠨᠢᠷᠬᠠᠭᠤᠯᠵᠥ ᠂ ᠰᠢᠨᠬᠤᠸᠠ ᠬᠤᠷᠢᠶᠠᠨ ᠤ ᠥᠪᠥᠷ ᠮᠣᠩᠭᠤᠯ ᠤ ᠬᠤᠪᠢᠶᠠᠷᠢ ᠬᠤᠷᠢᠶᠠᠨ ᠤ ᠰᠣᠷᠪᠤᠯᠵᠢᠯᠠᠭᠴᠢ ᠰᠣᠷᠪᠥᠯᠵᠢᠯᠠᠭ᠎ᠠ ᠶᠢᠨ ᠶᠠᠮᠤᠨ ᠤ ᠳᠡᠳ᠋ ᠡᠷᠬᠢᠯᠡᠭᠴᠢ ᠯᠢᠦ ᠢ ᠳ᠋ᠧ ᠠᠳᠢᠶ᠎ᠠ ᠶᠢᠨ ᠳᠠᠷᠬᠠᠨ ᠬᠢᠯᠢ ᠪᠠᠨ ᠰᠠᠬᠢᠨ ᠬᠠᠮᠠᠭᠠᠯᠠᠭᠰᠠᠨ ᠥᠯᠢᠭᠡᠷ ᠢ ᠰᠠᠳᠬᠢᠯ ᠬᠥᠳᠡᠯᠭᠡᠮ᠎ᠠ ᠶᠠᠷᠢᠪᠠ᠃ᠠᠳᠢᠶ᠎ᠠ᠄ ︽ᠪᠢ ᠪᠣᠯ ᠨᠢᠭᠡᠨ ᠴᠡᠷᠢᠭ ᠠᠴᠠ ᠬᠠᠯᠠᠭᠳᠠᠭᠰᠠᠨ ᠡᠭᠡᠯ ᠵᠢᠷ ᠤᠨ ᠨᠠᠮ ᠤᠨ ᠬᠡᠰᠢᠭᠦᠨ᠃ ᠴᠡᠷᠢᠭ ᠠᠴᠠ ᠬᠠᠯᠠᠭᠳᠠᠭᠰᠠᠨ ᠴᠦ ᠡᠬᠡ ᠤᠯᠤᠰ ᠤᠨ ᠢᠶᠠᠨ ᠳᠣᠷᠭᠠᠨ ᠬᠢᠯᠢ ᠪᠠᠨ ᠰᠠᠬᠢᠨ ᠬᠠᠮᠠᠭᠠᠯᠠᠬᠤ ᠳᠠᠷᠬᠠᠨ ᠬᠠᠷᠢᠭᠤᠴᠠᠯᠭ᠎ᠠ  ᠪᠠᠨ ᠡᠭᠦᠷᠢᠳᠡ ᠮᠠᠷᠳᠠᠬᠤ ᠥᠭᠡᠢ᠂ ᠨᠤᠳᠤᠭ ᠲᠠᠭᠠᠨ ᠪᠤᠴᠠᠵᠤ ᠥᠷᠭᠦᠯᠵᠢᠯᠡᠨ ᠨᠤᠳᠤᠭ ᠤᠰᠤ ᠪᠠᠨ ᠪᠥᠳᠥᠭᠡᠨ ᠪᠠᠶᠢᠭᠤᠯᠵᠥ᠂ ᠡᠬᠡ ᠤᠯᠤᠰ ᠤᠨ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠨ᠎ᠠ︾ ᠬᠡᠵᠥ ᠠᠮᠠᠯᠠᠭᠰᠠᠨ ᠭᠡᠳᠡᠭ᠃ ︽ᠬᠡᠯᠡᠪᠡᠯ ᠥᠭᠡ ᠬᠢᠰᠬᠢᠪᠡᠯ ᠭᠠᠵᠠᠷ︾ ᠭᠡᠳᠡᠭ ᠢᠶᠠᠷ᠂ ᠡᠨᠡ ᠬᠦ ᠪᠠᠳᠥ ᠳᠠᠩᠭᠠᠷᠢᠭ ᠪᠠ ᠳᠠᠷᠬᠠᠨ ᠬᠠᠷᠢᠭᠤᠴᠠᠯᠭ᠎ᠠ ᠶᠢᠨ ᠳᠥᠯᠥᠭᠡ᠂ ᠳᠡᠳᠡᠨ ᠤ ᠦᠷ᠎ᠡ ᠭᠡᠥᠭᠡᠳ ᠨᠢ ᠴᠦ ᠡᠴᠢᠭᠡ ᠶᠢᠨ ᠢᠶᠠᠨ ᠦᠢᠯᠡᠰ ᠢ ᠵᠠᠯᠭᠠᠮᠵᠢᠯᠡᠵᠥ᠂ ᠬᠤᠶᠠᠷ ᠦᠶ᠎ᠡ  ᠶᠢᠨ ᠠᠯᠪᠠᠨ ᠵᠢᠷᠤᠮ ᠤᠨ ᠬᠢᠯᠢ ᠬᠢᠵᠠᠭᠠᠷ ᠢᠶᠠᠨ ᠬᠠᠮᠠᠭᠠᠯᠠᠬᠤ ᠠᠵᠢᠯᠯᠠᠭ᠎ᠠ ᠶᠢ36 ᠵᠢᠯ ᠳᠠᠰᠤᠷᠠᠯ ᠥᠭᠡᠢ ᠬᠢᠵᠥ᠂ ᠴᠠᠭᠳᠠᠨ ᠪᠠᠶᠢᠴᠠᠭᠠᠭᠰᠠᠨ ᠬᠢᠯᠢ ᠶᠢᠨ ᠱᠤᠭᠤᠮ ᠨᠡᠶᠢᠳᠡ10 ᠳᠥᠮᠡᠨ ᠺᠢᠯᠥᠮᠧᠲᠷ ᠢ ᠳᠠᠪᠡᠵᠥ᠂ ᠳᠡᠯᠡᠬᠡᠢ ᠶᠢᠨ ᠪᠥᠮᠪᠥᠷᠴᠡᠭ ᠶᠢᠨ ᠤ ᠪᠥᠰᠡᠯᠡᠭᠦᠷ ᠢ ᠳᠤᠭᠤᠷᠢᠭᠰᠠᠨ ᠲᠠᠢ ᠳᠡᠩᠴᠡᠭᠰᠡᠨ ᠪᠠᠶᠢᠨ᠎ᠠ᠃
     ᠥᠪᠥᠷ ᠮᠤᠩᠭᠤᠯ ᠤᠨ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ᠂ ᠪᠥᠬᠦ ᠣᠷᠣᠨ ᠤ ᠡᠯ᠎ᠡ ᠥᠨᠳᠥᠰᠥᠳᠡᠨ ᠤ ᠺᠡᠳ᠋ᠷ ᠣᠯᠠᠨ ᠳᠥᠮᠡᠨ ᠣᠨᠴᠠᠭᠠᠶᠢᠯᠠᠨ ᠥᠷᠭᠡᠨ ᠣᠯᠠᠨ ᠨᠠᠮ ᠤᠨ ᠬᠡᠰᠢᠭᠦᠨ ᠺᠠᠳ᠋ᠷᠴᠤᠳ ᠢ ᠠᠳᠢᠶ᠎ᠠ ᠵᠡᠷᠭᠡ ᠵᠢᠱᠢᠶᠡᠴᠢ ᠪᠠᠷ ᠦᠯᠢᠭᠡᠷ ᠳᠠᠭᠤᠷᠢᠶᠠᠯ ᠪᠣᠯᠭᠠᠵᠣ᠂ ᠳᠡᠳᠡᠨᠠᠷ ᠤᠨ ᠬᠢᠯᠢ ᠬᠢᠵᠠᠭᠠᠷ ᠲᠤ ᠥᠨᠳᠥᠰᠥ ᠬᠠᠳᠬᠤᠨ᠂ ᠡᠬᠡ ᠤᠯᠤᠰ ᠲᠠᠭᠠᠨ ᠬᠥᠴᠥ ᠪᠠᠨ ᠡᠷᠭᠦᠭᠦ ᠵᠣᠷᠢᠭ ᠰᠠᠨᠠᠭ᠎ᠠ᠂ ᠳᠤᠷᠠᠳᠠᠶᠢᠶ᠎ᠠ ᠬᠤᠪᠢ ᠨᠡᠮᠡᠷᠢ  ᠪᠠᠨ ᠦᠵᠡᠭᠦᠯᠬᠦ ᠡᠷᠬᠢᠮ ᠳᠡᠭᠡᠳᠥ ᠦᠵᠡᠯ ᠰᠠᠨᠠᠭ᠎ᠠ ᠶᠢ ᠬᠢᠨᠠᠮᠠᠭᠠᠢ ᠰᠤᠷᠤᠯᠴᠠᠬᠤ ᠬᠡᠷᠡᠭᠳᠡᠢ ᠤᠷᠢᠶᠠᠯᠠᠭᠰᠠᠨ ᠪᠠᠶᠢᠨ᠎ᠠ᠃      ᠠᠳᠢᠶ᠎ᠠ ᠪᠣᠯ ᠪᠤᠭᠤᠳᠥ ᠬᠤᠳᠠ ᠶᠢᠨ ᠳᠠᠷᠬᠠᠨ ᠮᠤᠤᠮᠢᠩᠭᠠᠨ ᠬᠤᠯᠪᠤᠭᠠᠲᠥ ᠬᠤᠰᠢᠭᠤᠨ ᠤ ᠮᠠᠨᠳᠤᠯ ᠪᠠᠯᠭᠠᠰᠤᠨ ᠤ ᠪᠠᠶᠠᠨᠬᠠᠷ᠎ᠠ ᠭᠠᠴᠠᠭᠠᠨ ᠤ ᠮᠠᠯᠴᠢᠨ᠂ ᠳᠡᠷᠡ1981 ᠣᠨ ᠳᠤ ᠨᠢᠭᠡᠨ ᠬᠢᠯᠢ ᠶᠢᠨ ᠬᠠᠮᠠᠭᠠᠯᠠᠯᠳᠡ ᠶᠢᠨ ᠪᠠᠶᠢᠯᠳᠤᠭᠴᠢ ᠪᠣᠯᠵᠥ᠂ ᠳᠤᠮᠳᠠᠳᠥ ᠮᠤᠩᠭᠤᠯ ᠤᠨ ᠬᠢᠯᠢ ᠶᠢ ᠰᠠᠬᠢᠵᠥ ᠪᠠᠶᠢᠯ᠎ᠠ᠃1986 ᠣᠨ ᠳᠤ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠭᠡᠷᠬᠡᠢ ᠪᠠᠨ ᠳᠠᠭᠠᠭᠤᠯᠤᠨ ᠬᠢᠯᠢ ᠵᠢᠨ‌ᠬᠤᠳᠠ ᠶᠢᠨ ᠬᠠᠮᠠᠭᠠᠯᠠᠯᠳᠠ ᠶᠢᠨ ᠡᠮᠦᠨ᠎ᠡ ᠹᠷᠤᠨᠲ  ᠲᠤ ᠰᠠᠭᠤᠷᠢᠰᠢᠵᠤ᠂ ᠮᠠᠨᠳᠥᠯ ᠬᠢᠯᠢ ᠶᠢᠨ ᠬᠠᠮᠠᠭᠠᠯᠠᠯᠳᠠ ᠶᠢᠨ ᠳᠣᠮᠢᠯᠠᠭᠰᠠᠨ ᠰᠠᠯᠪᠥᠷᠢ ᠶᠢᠨ ᠠᠯᠪᠠᠨ ᠵᠢᠷᠤᠮ ᠤᠨ ᠬᠢᠯᠢ ᠶᠢᠨ ᠬᠠᠮᠠᠭᠠᠯᠠᠭᠴᠢ ᠪᠣᠯᠪᠠ᠃35 ᠵᠢᠯ ᠤᠨ ᠳᠤᠷᠰᠢ᠂ ᠳᠡᠳᠡᠨ ᠤ ᠨᠢᠭᠡ ᠭᠡᠷ ᠤᠨ ᠬᠥᠮᠥᠰ ᠡᠬᠡ ᠤᠯᠤᠰ ᠤᠨ ᠤᠮᠠᠷᠠᠳᠥ ᠬᠢᠯᠢ ᠬᠢᠵᠠᠭᠠᠷ ᠢ ᠪᠠᠳᠥ ᠰᠠᠬᠢᠵᠥ᠂ ᠬᠠᠶᠢᠷ᠎ᠠ ᠬᠠᠯᠠᠮᠵᠢ ᠪᠠ ᠦᠨᠡᠨᠴᠢ ᠰᠡᠳᠬᠢᠯ ᠢᠶᠠᠨ ᠳᠤᠷᠭᠠᠨ ᠬᠢᠯᠢ ᠪᠠᠨ ᠰᠠᠬᠢᠨ ᠬᠠᠮᠠᠭᠠᠯᠠᠬᠤ ᠦᠢᠯᠡᠰ ᠲᠤ ᠵᠤᠷᠢᠭᠤᠯᠤᠭᠰᠠᠨ ᠶᠤᠮ᠃
     ᠠᠳᠢᠶ᠎ᠠ ᠶᠢᠨ ᠭᠡᠷ ᠤᠨ ᠬᠠᠨᠠᠨ ᠳᠡᠭᠡᠷ᠎ᠡ ᠪᠥᠭᠦᠳᠡ ᠨᠠᠶᠢᠷᠠᠮᠳᠠᠬᠤ ᠳᠤᠮᠳᠠᠳᠥ ᠠᠷᠠᠳ ᠤᠯᠤᠰ ᠤᠨ ᠭᠠᠵᠠᠷ ᠤᠨ ᠵᠢᠷᠤᠭ ᠡᠯᠭᠦᠵᠥ ᠪᠠᠶᠢᠳᠠᠭ᠃ ᠭᠠᠵᠠᠷ ᠤᠨ ᠵᠢᠷᠤᠭ ᠳᠡᠭᠡᠷ᠎ᠡ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠪᠤᠯ ᠵᠥᠪᠬᠡᠨ ᠴᠠᠭᠠᠨ ᠥᠩᠭᠡᠳᠡᠢ ᠵᠢᠵᠢᠭ ᠳᠤᠯᠪᠦ ᠳᠡᠳᠤᠢ᠂ ᠡᠨᠡᠬᠦ ᠵᠢᠵᠢᠭᠬᠡᠨ ᠳᠡᠮᠳᠡᠭᠯᠡᠭᠳᠡᠭᠰᠡᠨ ᠨᠤᠳᠤᠭ ᠢᠶᠠᠨ ᠠᠳᠢᠶ᠎ᠠ ᠵᠢᠯ ᠤᠨ ᠳᠥᠷᠪᠡᠨ ᠤᠯᠠᠷᠢᠯ ᠢᠶᠠᠷ ᠰᠠᠬᠢᠨ ᠬᠠᠮᠠᠭᠠᠯᠠᠭᠰᠠᠭᠠᠷ ᠢᠷᠡᠪᠡ᠃      ᠠᠳᠢᠶ᠎ᠠ ᠪᠠᠰᠠ ︽ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠶᠤᠰᠤ ᠰᠤᠷᠳᠠᠬᠤᠨ ᠤ ᠵᠢᠱᠢᠶᠠᠴᠢ︾᠂ ︽ᠪᠥᠬᠦ ᠤᠯᠤᠰ ᠤᠨ ᠥᠨᠳᠥᠰᠥᠳᠡᠨ ᠤ ᠪᠥᠯᠬᠦᠮᠳᠡᠯ ᠤᠨ ᠳᠡᠷᠢᠭᠦᠨ ᠤ ᠬᠤᠪᠢ, ᠬᠥᠮᠤᠨ︾᠂ ᠥᠪᠡᠷᠳᠡᠭᠡᠨ ᠵᠠᠰᠠᠬᠤ ᠣᠷᠣᠨ ᠤ ︽ᠤᠮᠠᠷᠠᠳᠥ ᠬᠢᠯᠢ ᠶᠢᠨ ᠵᠢᠱᠢᠶᠡᠴᠢ︾ ᠭᠡᠬᠦ ᠮᠡᠳᠥ ᠣᠯᠠᠨ ᠠᠷᠪᠢᠨ ᠢᠷᠠᠭᠤ ᠠᠯᠳᠠᠷ ᠢ ᠳᠣᠰᠴᠥ ᠪᠠᠶᠢᠭᠰᠠᠨ ᠤᠳᠠᠭ᠎ᠠ ᠲᠠᠢ᠃ ᠳᠠᠷᠡᠪᠡᠷ᠄ ︽ᠡᠨᠡ ᠬᠦ ᠢᠷᠠᠭᠤ ᠠᠯᠳᠠᠷ ᠢ ᠣᠯᠭᠤᠭᠰᠠᠨ ᠶᠠᠪᠤᠳᠠᠯ ᠪᠤᠯ ᠨᠠᠮ ᠪᠠ ᠵᠠᠰᠠᠭ  ᠠᠴᠠ ᠨᠠᠮᠠᠢᠢ ᠢᠳᠡᠭᠡᠵᠥ᠂ ᠨᠠᠳᠡ ᠶᠢ ᠵᠤᠷᠢᠭᠵᠢᠭᠤᠯᠵᠥ ᠪᠠᠶᠢᠭ᠎ᠠ ᠶᠠᠪᠤᠳᠠᠯ᠂ ᠬᠢᠯᠢ ᠪᠠᠨ ᠰᠠᠬᠢᠭ᠎ᠠ ᠨᠢ ᠪᠢ ᠭᠠᠭᠴᠠᠭᠠᠷ  ᠢᠶᠠᠨ ᠪᠢᠰᠢ᠂ ᠮᠢᠨᠤ ᠬᠠᠵᠠᠭᠤ ᠪᠠᠷ ᠮᠠᠰᠢ ᠣᠯᠠᠨ ᠬᠠᠮᠳᠥ ᠠᠵᠢᠭᠯᠠᠭᠴᠢ ᠪᠠᠶᠢᠨ᠎ᠠ᠂ ᠡᠨᠡᠬᠦ ᠢᠷᠠᠭᠤ ᠠᠯᠳᠠᠷ ᠪᠤᠯ ᠬᠢᠯᠢ  ᠶᠢᠨ ᠮᠠᠯᠴᠢᠳ ᠤᠨ ᠬᠢ ᠶᠤᠮ︾ ᠭᠡᠵᠥ ᠳᠠᠷᠤᠤ ᠬᠢᠴᠢᠶᠡᠩᠭᠦᠢ ᠶᠠᠷᠢᠵᠥ ᠪᠠᠶᠢᠪᠠ᠃ ᠤᠯᠤᠰ ᠤᠨ ᠬᠢᠯᠢ ᠶᠢᠨ ᠱᠤᠭᠤᠮ ᠳᠡᠭᠡᠷᠡᠬᠢ ᠡᠪᠥᠯ ᠤᠨ ᠤᠯᠠᠷᠢᠯ ᠤᠨ ᠠᠭᠠᠷ ᠤᠨ ᠳᠤᠯᠠᠭᠠᠨ ᠳᠡᠭ ᠠᠴᠠ ᠳᠤᠷᠤᠭᠰᠢ30 ᠭᠷᠡᠳᠥ᠋ᠰ᠂ ᠳᠠᠯ᠎ᠠ ᠨᠤᠳᠤᠭ ᠤᠨ ᠤᠷᠭᠤᠮᠠᠯ ᠤᠨ ᠣᠯᠠᠩᠬᠢ ᠨᠢ ᠵᠤᠯᠭᠠᠷᠠᠳᠠᠭ ᠴᠦ ᠤᠯᠠᠭᠠᠨ ᠪᠤᠳᠠᠷᠭᠠᠨ᠎ᠠ ᠤᠯᠠᠯᠵᠠᠵᠥ ᠪᠠᠶᠢᠳᠠᠭ᠂ ᠨᠢᠭᠡ ᠪᠠᠭᠴᠠ ᠤᠯᠠᠭᠠᠨ ᠥᠩᠭᠡ ᠶᠢᠨ ᠪᠤᠳᠠᠷᠭᠠᠨ᠎ᠠ ᠬᠢᠯᠢ ᠶᠢᠨ ᠱᠤᠭᠤᠮ ᠳᠤ ᠬᠥᠨ ᠥᠨᠳᠥᠰᠥᠯᠡᠨ᠂ ᠵᠢᠯ ᠤᠨ ᠵᠢᠯ ᠳᠤ᠂ ᠦᠶ᠎ᠡ ᠶᠢᠨ ᠦᠶ᠎ᠡ ᠳᠡᠭᠡᠨ ᠠᠳᠡᠬᠢ ᠳᠠᠯ᠎ᠠ ᠨᠤᠳᠤᠭ ᠢ ᠰᠠᠬᠢᠨ ᠬᠠᠮᠠᠭᠠᠯᠠᠵᠤ ᠪᠠᠶᠢᠨ᠎ᠠ᠃ ᠡᠨᠡ ᠪᠤᠯ ᠳᠠᠷᠤᠢ ᠳᠤᠷᠭᠠᠨ ᠬᠢᠯᠢ ᠶᠢᠨ ᠳᠠᠷᠬᠠᠨ ᠮᠠᠨᠠᠭᠤᠯ ᠤᠯᠠᠭᠠᠨ ᠪᠤᠳᠠᠷᠭᠠᠨ᠎ᠠ᠂ ᠡᠬᠡ ᠤᠯᠤᠰ ᠤᠨ ᠤᠮᠠᠷᠠᠳᠥ ᠬᠢᠯᠢ ᠶᠢᠨ ᠬᠠᠰᠢᠷ ᠮᠠᠯᠴᠢᠳ᠂ ᠤᠯᠠᠭᠠᠨ ᠪᠤᠳᠠᠷᠭᠠᠨ᠎ᠠ ᠰᠢᠭ᠋ ᠦᠶ᠎ᠡ ᠤᠯᠠᠷᠢᠨ ᠡᠬᠡ ᠤᠯᠤᠰ  ᠢᠶᠠᠨ ᠰᠠᠬᠢᠨ ᠪᠠᠷᠠᠯᠠᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号