ᠰᠢᠤᠸᠠᠢ ᠰᠦᠩ  ᠠᠷᠢᠭᠤᠨ ᠴᠢᠭᠡᠴᠢ ᠪᠠᠷ ᠵᠠᠰᠠᠭ ᠪᠠᠷᠢᠬᠤ ᠬᠠᠮᠳᠤ ᠶᠢᠨ ᠶᠠᠷᠢᠯᠴᠠᠭᠠᠨ ᠤ ᠬᠤᠷᠠᠯ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2020-07-30
     7 ᠰᠠᠷ᠎ᠠ ᠶᠢᠨ 28 ᠤ ᠡᠳᠦᠷ ᠤᠨ ᠦᠳᠡ ᠬᠤᠶᠢᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠦᠩ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤ ᠶᠢᠨ ᠶᠠᠷᠢᠯᠴᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠤᠯᠠᠮ ᠨᠢᠭᠡ ᠠᠯᠬᠤᠮ ᠰᠠᠶᠢᠲᠤᠷ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢᠶᠠᠨ ᠪᠠᠲᠤᠳᠬᠠᠵᠤ᠂ ᠠᠷᠢᠭᠤᠨ ᠴᠢᠬᠡᠴᠢ ᠪᠠᠶᠢᠬᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠶᠢ ᠪᠠᠷᠢᠮᠲᠠᠯᠠᠵᠤ᠂ ᠠᠷᠢᠭᠤᠨ ᠴᠢᠬᠡᠴᠢ ᠲᠥᠪ ᠰᠤᠷᠲᠠᠯ ᠢ ᠪᠠᠳᠠᠷᠠᠭᠤᠯᠬᠤ ᠶᠢ ᠰᠢᠮᠳᠠᠭᠤᠯᠵᠤ᠂ ᠠᠷᠠᠳ ᠲᠦᠮᠡᠨ ᠤ ᠲᠥᠯᠥᠭᠡ ᠨᠠᠩ ᠰᠠᠶᠢᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠬᠡᠭᠦ ᠶᠢ ᠱᠠᠭᠠᠷᠳᠠᠵᠠᠢ᠃
     ᠰᠢᠤᠸᠠᠢ ᠰᠦᠩ ᠱᠠᠭᠠᠷᠳᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠢᠮᠠᠭᠲᠠ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠨᠤᠯ ᠤᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠡᠷᠡᠭ ᠤᠨ ᠵᠢᠱᠢᠶ᠎ᠡ ᠪᠠᠷ ᠲᠤᠯᠢ ᠪᠣᠯᠭᠠᠵᠤ᠂ ᠲᠤᠬᠠᠶᠢᠯᠠᠭᠰᠠᠨ ᠠᠵᠢᠯ ᠤᠨ ᠮᠡᠳᠡᠯᠭᠡ ᠶᠢ ᠭᠦᠨᠵᠡᠭᠡᠶ ᠰᠣᠷᠣᠯᠴᠠᠨ ᠨᠡᠪᠲᠡᠷᠡᠲᠡᠯ᠎ᠡ ᠣᠶᠢᠯᠠᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠳᠡᠭᠲᠡᠷ ᠲᠤ ᠭᠠᠷᠴᠤ᠂ ᠬᠢᠷᠢ ᠲᠦᠪᠰᠢᠨ ᠳᠤ ᠭᠠᠷᠬᠤ ᠶᠢ ᠦᠨᠡᠨ ᠬᠦ ᠲᠦᠯᠬᠢᠨ ᠠᠬᠢᠭᠤᠯᠤᠨ᠎ᠠ᠃ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠬᠤ ᠳᠡᠭᠡᠷ᠎ᠡ ᠬᠦᠴᠦ ᠲᠠᠯᠪᠢᠵᠤ᠂ ᠠᠷᠠᠳ ᠲᠦᠮᠡᠨ ᠤ ᠲᠥᠯᠥᠭᠡ ᠵᠢᠳᠬᠦᠬᠦ ᠵᠣᠷᠢᠯᠲᠠ ᠪᠠᠨ ᠢᠮᠠᠭᠲᠠ ᠪᠠᠲᠤᠳᠬᠠᠵᠤ᠂ ᠵᠥᠪ ᠡᠷᠬᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠢᠮᠠᠭᠲᠠ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠦᠨᠡᠨ ᠬᠦ ᠥᠷᠭᠡᠨ ᠤᠯᠠᠨ ᠲᠦᠮᠡᠨ ᠳᠤ ᠣᠳᠣᠬᠢ ᠪᠠᠶᠢᠳᠠᠯ ᠢ ᠪᠣᠳᠣᠯᠬᠢᠯᠠᠨ᠂ ᠠᠯᠤᠰ ᠬᠡᠳᠤ ᠶᠢ ᠪᠣᠳᠣᠯᠬᠢᠯᠠᠵᠤ᠂ ᠵᠣᠯ ᠵᠢᠷᠭᠠᠯ ᠢ ᠡᠷᠢᠯᠬᠢᠯᠡᠨ᠎ᠡ᠃ ᠪᠡᠶ᠎ᠡ ᠪᠠᠨ ᠴᠢᠩᠭ᠎ᠠ ᠱᠠᠭᠠᠷᠳᠠᠬᠤ ᠶᠢ ᠪᠠᠷᠢᠮᠲᠠᠯᠠᠬᠤ ᠳᠡᠭᠡᠷ᠎ᠡ ᠬᠦᠴᠦ ᠲᠠᠯᠪᠢᠵᠤ᠂ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠢ ᠰᠠᠶᠢᠲᠤᠷ ᠬᠡᠷᠡᠭᠯᠡᠵᠦ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠪᠠᠷᠢᠮᠲᠠᠯᠠᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠢᠮᠠᠭᠲᠠ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠦᠨ᠎ᠡ᠃
      ᠰᠢᠤᠸᠠᠢ ᠰᠦᠩ ᠴᠢᠬᠤᠯᠠᠴᠢᠯᠠᠭᠰᠠᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠤᠭᠰᠤᠰᠢ ᠦᠭᠡᠢ ᠶᠤᠮ᠃ ᠪᠦᠬᠦ ᠬᠤᠰᠢᠭᠤᠨ ᠤ ᠳᠡᠭᠡᠳᠥ ᠳᠣᠣᠷᠠᠳᠤ ᠱᠠᠲᠤ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠯᠠᠪᠳᠠᠭᠤᠨ ᠪᠠᠳᠣᠳᠠᠢ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃      ᠶᠠᠷᠢᠯᠴᠠᠭᠠᠨ ᠤ ᠬᠤᠷᠠᠯ ᠢ ᠬᠠᠷᠠᠭᠠᠨ ᠳᠠᠪᠲᠠᠮᠵᠢᠲᠤ ᠬᠤᠷᠠᠯ ᠤᠨ ᠬᠡᠯᠪᠡᠷᠢ ᠪᠠᠷ ᠶᠠᠪᠤᠭᠳᠠᠭᠤᠯᠵᠤ᠂ ᠡᠯ᠎ᠡ ᠰᠤᠮᠤ ᠰᠢᠶᠠᠩ ᠪᠠᠯᠭᠠᠰᠤ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠭᠤᠤᠯ ᠬᠤᠷᠠᠯ ᠤᠨ ᠲᠠᠯᠠᠪᠠᠶ ᠳᠤ ᠶᠠᠷᠢᠯᠴᠠᠬᠤ ᠬᠤᠷᠠᠯ ᠳᠤ ᠣᠷᠣᠯᠴᠠᠵᠠᠶ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号