6 ᠰᠠᠷ᠎ᠠ ᠶᠢᠨ 30 ᠤ ᠡᠳᠦᠷ᠂ ᠳᠠᠷᠬᠠᠨ ᠬᠤᠯᠪᠣᠭᠠᠲᠤ ᠮᠤᠤᠮᠢᠩᠭᠠᠨ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | 2020 ᠣᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠵᠤ᠂ ᠡᠨᠡ ᠵᠢᠯ ᠠᠴᠠ ᠨᠠᠰᠢᠬᠢ ᠠᠶᠤᠯᠭᠦᠶ ᠦᠢᠯᠡᠳᠪᠥᠷᠢᠯᠡᠯ ᠤᠨ ᠠᠵᠢᠯ ᠤᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠭᠤᠷᠪᠠᠳᠤᠭᠠᠷ ᠤᠳᠠᠭᠠᠨ ᠤ ᠭᠠᠵᠠᠷ ᠰᠢᠷᠣᠶ ᠶᠢᠨ ᠪᠠᠶᠢᠴᠠᠭᠠᠯᠲᠠ ᠶᠢᠨ | ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠥᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠲᠥᠰᠦᠯ︾᠂ ︽ᠪᠠᠲᠤᠬᠠᠭᠠᠯᠭ᠎ᠠ ᠪᠠᠯᠭᠠᠰᠤᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠵᠢᠵᠢᠭ | ᠲᠣᠭᠤᠷᠢᠭ ᠢ ᠰᠢᠯᠢᠳᠡᠭᠵᠢᠭᠦᠯᠦᠨ ᠨᠡᠶᠢᠯᠡᠭᠦᠯᠬᠦ ᠲᠥᠰᠦᠯ︾ ᠵᠡᠷᠭᠡ ᠶᠢ ᠰᠤᠳᠤᠯᠵᠠᠶ᠃ | | | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ | ᠠᠶᠤᠯ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠨᠢ ᠪᠢᠳᠡᠨ ᠤ ᠦᠶᠡᠷ ᠢ ᠰᠡᠷᠭᠡᠶᠢᠯᠡᠵᠦ᠂ | ᠭᠠᠮᠰᠢᠭ ᠠᠴᠠ ᠠᠪᠤᠷᠠᠬᠤ ᠠᠵᠢᠯ ᠢ ᠰᠠᠶᠢᠳᠤᠷ ᠬᠢᠬᠦ᠂ ᠦᠶᠡᠷ ᠢ ᠠᠮᠤᠷ ᠲᠦᠪᠰᠢᠨ ᠥᠩᠭᠡᠷᠡᠭᠦᠯᠬᠦ ᠶᠢ ᠦᠨᠡᠨᠬᠦ | ᠪᠠᠲᠤᠯᠠᠬᠤ ᠳᠤ ᠰᠢᠨᠵᠢᠯᠡᠬᠦ ᠤᠬᠠᠭᠠᠨᠴᠢ ᠶᠢ ᠵᠢᠯᠤᠭᠤᠳᠤᠯᠭ᠎ᠠ ᠪᠠ ᠴᠢᠬᠤᠯᠠ ᠵᠢᠷᠤᠮᠯᠠᠯ ᠬᠠᠩᠭᠠᠵᠠᠢ᠃ ᠡᠯ᠎ᠡ ᠰᠤᠮᠤ | ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠥᠷᠢᠵᠢᠭᠤᠯᠵᠥ᠂ ︽ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠭᠦᠨᠵᠡᠭᠡᠶ ᠦᠢᠯᠡᠳᠥᠯᠭᠡᠵᠢᠭᠦᠯᠵᠥ᠂ | ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠡᠨᠡᠬᠦ ᠬᠥᠪᠴᠢ ᠪᠠᠨ | ᠴᠢᠩᠭᠠᠯᠠᠵᠤ᠂ ᠦᠶᠡᠷ ᠢ ᠰᠡᠷᠭᠡᠶᠢᠯᠡᠵᠥ᠂ ᠠᠶᠤᠯ ᠠᠴᠠ ᠠᠪᠤᠷᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠥᠷᠢᠵᠢᠭᠤᠯᠵᠥ᠂ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠴᠡᠭᠴᠡᠯᠡᠨ ᠵᠠᠰᠠᠬᠤ | ᠠᠵᠢᠯ ᠢ ᠭᠦᠨᠵᠡᠭᠡᠶ ᠥᠷᠨᠢᠭᠦᠯᠵᠥ᠂ ᠦᠶᠡᠷ ᠤᠨ ᠬᠤᠭᠤᠴᠠᠭᠠᠨ ᠤ ᠵᠢᠵᠢᠭᠦᠷᠯᠡᠬᠦ ᠪᠠ ᠬᠢᠨᠠᠨ ᠬᠡᠮᠵᠢᠵᠦ᠂ | ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠬᠦᠯᠬᠦ ᠠᠵᠢᠯ ᠢ ᠴᠢᠩᠭᠠᠳᠬᠠᠵᠤ᠂ ᠡᠯ᠎ᠡ ᠲᠥᠷᠥᠯ ᠤᠨ ᠪᠠᠴᠢᠮ | ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠴᠢᠩᠭ᠎ᠠ ᠬᠦᠴᠦᠲᠡᠶ | ᠠᠷᠭ᠎ᠠ ᠬᠡᠮᠵᠢᠶ᠎ᠡ ᠪᠠᠷ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠰᠠᠶᠢᠳᠤᠷ ᠪᠠᠲᠤᠯᠠᠬᠤ | ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ | ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠣᠯ ᠮᠠᠨ ᠤ ᠬᠤᠰᠢᠭᠤᠨ ᠤ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠥᠯᠭᠡᠵᠢᠭᠦᠯᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠦᠷ᠎ᠡ ᠪᠥᠳᠥᠭᠡᠯ ᠢ ᠪᠠᠬᠢᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠦᠬᠦ | ᠬᠤᠰᠢᠭᠤᠨ ᠤ ᠳᠡᠭᠡᠳᠥ ᠳᠣᠣᠷᠠᠳᠤ ᠱᠠᠲᠤ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠥ᠂ ᠪᠦᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠶᠢ ᠠᠮᠢ ᠠᠬᠤᠶ ᠶᠢ ᠲᠡᠷᠢᠭᠦᠨ ᠳᠤ ᠳᠠᠯᠪᠢᠵᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠵᠠᠮᠨᠠᠬᠤ ᠶᠢᠨ ᠪᠣᠳᠠᠲᠠᠶ ᠠᠵᠢᠯᠯᠠᠭ᠎ᠠ ᠪᠣᠯᠭᠠᠵᠤ᠂ | ᠲᠠᠨᠢᠯᠲᠠ ᠪᠠᠨ ᠬᠠᠮᠳᠤᠳᠬᠠᠵᠤ᠂ ᠬᠠᠷᠢᠭᠤᠴᠠᠯᠭ᠎ᠠ ᠪᠠᠨ ᠴᠢᠩᠭᠠᠳᠬᠠᠨ᠂ ᠠᠮᠢ ᠠᠬᠤᠶ ᠶᠢᠨ ᠣᠷᠴᠢᠨ ᠳᠣᠭᠤᠷᠢᠨ ᠤ | ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ︽ᠨᠢᠭᠡ ᠬᠥᠯᠭᠡ ᠰᠢᠲᠠᠷ᠎ᠠ ᠮᠡᠲᠦ | ᠪᠠᠶᠢᠬᠤ︾ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠬᠡ ᠣᠭᠲᠠᠷᠭᠤᠶ᠂ ᠨᠣᠮᠢᠨ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠳᠠᠶᠢᠨ ᠢ ᠰᠠᠶᠢᠲᠤᠷ ᠬᠢᠬᠦ ᠪᠠᠷ ᠬᠦᠴᠦᠯᠡᠬᠦ ᠴᠡᠭ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠠᠴᠠ ᠭᠠᠷᠳᠠᠵᠤ᠂ ᠠᠮᠢ | ᠠᠬᠤᠢ ᠶᠢᠨ ᠣᠷᠣᠨ ᠵᠠᠢ ᠪᠠ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ᠂ ᠠᠮᠢ ᠠᠬᠤᠢ ᠶᠢᠨ ᠪᠣᠯᠪᠠᠰᠤᠨ ᠤ | ᠤᠬᠠᠭᠤᠯᠭ᠎ᠠ ᠵᠡᠷᠭᠡ ᠲᠠᠯ᠎ᠠ ᠪᠠᠷ ᠲᠠᠰᠤᠷᠠᠯᠲᠠ ᠦᠭᠡᠢ ᠬᠦᠴᠦᠯᠡᠵᠦ᠂ ᠣᠨᠣᠪᠴᠢᠲᠠᠢ ᠠᠷᠭ᠎ᠠ ᠪᠣᠳᠣᠯᠭ᠎ᠠ | ᠬᠡᠷᠡᠭᠵᠢᠭᠦᠯᠵᠦ᠂ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠠᠵᠢᠯ ᠢ ᠥᠨᠳᠥᠷ ᠪᠦᠲᠦᠮᠵᠢᠲᠡᠢ ᠪᠠᠷ ᠠᠬᠢᠭᠤᠯᠬᠤ ᠶᠢ ᠪᠠᠲᠤᠯᠠᠨ᠎ᠠ᠃ | ᠬᠤᠷᠠᠯ ᠠᠴᠠ ᠱᠠᠭᠠᠷᠳᠠᠭᠰᠠᠨ ᠨᠢ᠂ ᠠᠶᠤᠯᠭᠦᠢ ᠦᠢᠯᠡᠳᠪᠦᠷᠢᠯᠡᠯ ᠪᠣᠯ ᠮᠠᠨ ᠤ ᠠᠯᠢᠪᠠ ᠠᠵᠢᠯ ᠤᠨ ᠬᠤᠷᠢᠭ᠎ᠠ | ᠱᠤᠭᠤᠮ ᠮᠥᠨ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠲᠤ ᠰᠠᠬᠢᠬᠤ ᠬᠡᠷᠡᠭᠲᠡᠢ᠃ ᠡᠯ᠎ᠡ ᠰᠤᠮᠤ | ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠥ᠂ | ᠪᠦᠬᠦ ᠤᠯᠤᠰ ᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠳᠠᠬᠢᠨ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠩᠭᠤᠵᠢᠭᠰᠠᠨ | ᠶᠡᠭᠡ ᠪᠠᠶᠢᠴᠠᠭᠠᠯᠲᠠ ᠶᠢ ᠴᠢᠩᠭ᠎ᠠ ᠵᠣᠬᠢᠶᠠᠨ ᠪᠠᠶᠢᠭᠤᠯᠤᠨ ᠥᠷᠨᠢᠭᠦᠯᠵᠥ᠂ ᠬᠤᠰᠢᠭᠤ ᠱᠠᠲᠤᠨ ᠤ ᠤᠳᠤᠷᠢᠳᠤᠯᠭ᠎ᠠ | ᠲᠦᠷᠦᠭᠦᠯᠡᠵᠦ᠂ ᠠᠵᠢᠯ ᠲᠥᠷᠥᠯ ᠤᠨ ᠰᠠᠯᠠᠭ᠎ᠠ ᠮᠥᠴᠢᠷ ᠳᠠᠭᠠᠭᠤᠯᠤᠨ᠂ ᠰᠤᠮᠤ ᠰᠢᠶᠠᠩ ᠪᠠᠯᠭᠠᠰᠤ ᠣᠷᠣᠯᠴᠠᠨ᠎ᠠ᠃ | ᠠᠰᠠᠭᠤᠳᠠᠯ ᠳᠤ ᠴᠢᠭᠯᠡᠭᠦᠯᠦᠨ ᠪᠠᠶᠢᠴᠠᠭᠠᠵᠤ᠂ ᠠᠰᠠᠭᠤᠳᠠᠯ ᠳᠤ ᠴᠢᠭᠯᠡᠭᠦᠯᠦᠨ᠂ ᠨᠢᠭᠡ ᠶᠢ ᠢᠯᠡᠷᠡᠭᠦᠯᠪᠡᠯ᠂ ᠨᠢᠭᠡ ᠶᠢ | ᠴᠡᠭᠴᠡᠯᠡᠨ ᠰᠠᠶᠢᠵᠢᠷᠠᠭᠤᠯᠵᠤ᠂ ᠨᠢᠭᠡ ᠶᠢ ᠪᠠᠬᠢᠵᠢᠭᠦᠯᠵᠦ᠂ ᠬᠠᠷᠢᠭᠤᠴᠠᠯᠭ᠎ᠠ ᠶᠢ ᠡᠴᠦᠰ ᠲᠤᠨᠢ ᠲᠤᠯᠲᠠᠯ᠎ᠠ᠂ | ᠠᠰᠠᠭᠤᠳᠠᠯ ᠢ ᠢᠷᠣᠭᠠᠷ ᠲᠤᠨᠢ ᠲᠤᠯᠲᠠᠯ᠎ᠠ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠶ ᠴᠡᠭᠴᠡᠯᠡᠨ | ᠰᠠᠶᠢᠵᠢᠷᠠᠭᠤᠯᠬᠤ ᠶᠢ ᠡᠷᠡᠰ ᠪᠡᠶᠡᠯᠡᠭᠦᠯᠦᠨ᠎ᠡ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠳᠠᠬᠢᠨ | ᠴᠢᠩᠭᠠᠳᠬᠠᠵᠤ᠂ ᠨᠠᠮ ᠵᠠᠰᠠᠭ ᠤᠨ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ | ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠪᠦᠬᠦ ᠠᠵᠢᠯᠲᠠᠨ ᠤ ᠠᠵᠢᠯ ᠤᠨ | ᠪᠠᠶᠢᠷᠢ ᠶᠢᠨ ᠬᠠᠷᠢᠭᠤᠴᠠᠯᠭ᠎ᠠ ᠶᠢ ᠡᠷᠡᠰ ᠪᠣᠳᠠᠲᠠᠶᠢᠵᠢᠭᠤᠯᠵᠤ᠂ ᠴᠢᠩᠭ᠎ᠠ ᠱᠠᠭᠠᠷᠳᠠᠨ᠂ ᠰᠠᠬᠢᠯᠭ᠎ᠠ ᠪᠠᠲᠤ ᠶᠢ ᠴᠢᠭᠴᠢᠯᠡᠨ | ᠂ ᠬᠠᠤᠯᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠳᠣᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ | ᠬᠢᠬᠦ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠴᠢᠷᠮᠠᠶᠢᠨ ᠬᠠᠩᠭᠠᠨ᠎ᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | | |