7 ᠰᠠᠷ᠎ᠠ ᠶᠢᠨ 2 ᠤᠨ ᠡᠳᠦᠷ ᠤᠨ ᠦᠳᠡ ᠬᠤᠶᠢᠨ᠎ᠠ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ | 2020 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | | | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠬᠤᠷᠠᠯ ᠢ ᠡᠷᠭᠢᠯᠡᠭᠰᠡᠨ ᠪᠥᠭᠡᠳ | ᠳ᠋ᠦᠩᠨᠡᠯᠲᠡ ᠶᠢᠨ ᠶᠠᠷᠢᠶ᠎ᠠ ᠲᠠᠯᠪᠢᠵᠠᠶ᠃ ᠤᠨᠤᠯ ᠤᠨ ᠲᠥᠪ ᠤᠨ ᠪᠦᠷᠢᠯᠳᠦᠬᠦᠨ ᠯᠢᠦ ᠬᠠᠢ ᠴᠢᠤᠸᠠᠨ᠂ ᠭᠦᠩ ᠰᠢ | ᠯᠢᠶᠠᠩ᠂ ᠬᠤᠤ ᠯᠢᠶᠠᠩ᠂ ᠭᠡᠷᠡᠯ᠂ ᠶᠠᠩ ᠶᠠᠩ᠂ ᠯᠢ ᠪᠦᠦ ᠴᠦᠨ ᠰᠤᠷᠤᠯᠴᠠᠯᠭ᠎ᠠ ᠶᠢᠨ ᠭᠤᠣᠯ ᠰᠡᠳᠦᠪ ᠤᠨ | ᠲᠣᠭᠤᠷᠢᠨ ᠳᠤ ᠣᠯᠤᠯᠲᠠ ᠲᠦᠷᠦᠭᠳᠡᠯ ᠢᠶᠠᠨ ᠰᠣᠯᠢᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠵᠣᠷᠢᠭ ᠰᠠᠨᠠᠭᠠᠨ ᠤ | ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ | ᠥᠭᠦᠯᠡᠵᠦ᠂ ᠪᠢᠳᠡᠨ ᠤ ᠰᠢᠨ᠎ᠡ ᠴᠠᠭ ᠦᠶ᠎ᠡ ᠳᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠳᠤ | ᠴᠢᠬᠤᠯᠠ ᠦᠵᠡᠯ ᠰᠠᠨᠠᠭᠠᠨ ᠤ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠣᠨᠣᠯ ᠤᠨ ᠭᠤᠤᠯ | ᠳᠤᠭᠤᠶᠢᠯᠠᠩ ᠤᠨ ᠭᠡᠰᠢᠭᠦᠨ ᠵᠢᠴᠢ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ︽ᠳᠥᠷᠪᠡᠨ ᠤᠬᠠᠮᠰᠠᠷ︾ ᠢᠶᠠᠨ ᠴᠢᠩᠭᠠᠳᠬᠠᠵᠥ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ᠬᠤᠶᠠᠷ ᠢ ᠬᠠᠮᠠᠭᠠᠯᠠᠬᠤ ᠶᠢ ᠪᠡᠶᠡᠯᠡᠭᠦᠯᠵᠥ᠂ ᠨᠡᠪᠲᠡᠷᠡᠲᠡᠯ᠎ᠡ ᠰᠤᠷᠤᠯᠴᠠᠨᠣᠶᠢᠯᠠᠭᠠᠵᠤ᠂ ᠰᠤᠷᠤᠯᠴᠠᠯᠭ᠎ᠠ ᠶᠢ | ᠪᠣᠳᠠᠲᠠᠶᠢᠵᠢᠭᠤᠯᠬᠤ ᠳᠡᠭᠡᠷ᠎ᠡ ᠰᠢᠨ᠎ᠡ ᠦᠷ᠎ᠡ ᠪᠦᠲᠦᠮᠵᠢ ᠣᠯᠵᠤ᠂ ᠦᠵᠡᠯ ᠰᠠᠨᠠᠭ᠎ᠠ ᠤᠯᠤᠰ ᠲᠥᠷᠥ ᠦᠢᠯᠡ | ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠥ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ | ᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠬᠦᠴᠦᠲᠡᠢ | ᠲᠤᠤᠱᠯᠠᠭᠤᠯᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠳᠠᠷᠬᠠᠨ | ᠮᠤᠤᠮᠢᠩᠭᠠᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠵᠥ᠂ | ᠬᠥᠭᠵᠢᠯᠲᠡ ᠶᠢᠨ ᠢᠲᠡᠭᠡᠯ ᠢᠶᠠᠨ ᠭᠤᠶᠢᠪᠢᠰᠢ ᠦᠭᠡᠢ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠶᠤᠯ ᠲᠦᠭᠰᠢᠭᠦᠷᠢ ᠶᠢ ᠲᠣᠬᠢᠶᠠᠯ ᠪᠣᠯᠭᠠᠨ ᠬᠤᠪᠢᠷᠠᠭᠤᠯᠬᠤ ᠳᠠᠭᠠᠨ | ᠴᠢᠳᠠᠮᠠᠭᠠᠶ ᠪᠠᠶᠢᠵᠤ᠂ ︽ᠵᠢᠷᠭᠤᠭ᠎ᠠ ᠶᠢ ᠳᠣᠭᠳᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠥᠷᠢᠵᠢᠭᠤᠯᠵᠤ᠂ ᠬᠢᠵᠢᠭ ᠤᠨ ᠪᠠᠶᠢᠳᠠᠯ | ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠡᠷᠡᠰ ᠢᠯᠠᠨ ᠳᠠᠪᠠᠵᠤ᠂ ᠠᠵᠤ ᠠᠬᠤᠶ ᠶᠢᠨ ᠬᠥᠭᠵᠢᠯᠲᠡ ᠶᠢᠨ | ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠎ᠠ᠃ ᠬᠠᠷᠠᠯᠲᠠ ᠡᠭᠦᠷᠭᠡ ᠪᠠᠨ ᠰᠤᠯᠠᠷᠠᠭᠤᠯᠤᠯ ᠦᠭᠡᠢ ᠠᠳᠬᠤᠵᠤ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠣ᠂ ᠠᠵᠤ ᠦᠢᠯᠡᠰ ᠤᠨ | ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ᠂ ᠳᠡᠰ ᠳᠡᠪᠰᠢᠭᠦᠯᠬᠦ ᠶᠢ ᠠᠬᠢᠭᠤᠯᠵᠥ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠥ᠂ ᠦᠨᠳᠦᠰᠦᠲᠡᠨ ᠤ | ᠪᠦᠯᠬᠦᠮᠳᠡᠯ ᠪᠣᠯᠤᠨ ᠬᠢᠯᠢ ᠬᠢᠵᠠᠭᠠᠷ ᠣᠷᠣᠨ ᠤ ᠲᠣᠭᠲᠠᠭᠤᠨ ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ ᠬᠤᠶᠢᠷᠭᠤᠰᠢᠬᠤ ᠦᠭᠡᠢ ᠪᠠᠶᠢᠬᠤ | ᠬᠡᠷᠡᠭᠲᠡᠢ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠦᠬᠦ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠳᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠵᠥ᠂ ᠳᠣᠪᠤᠶᠢᠮ᠎ᠡ ᠠᠰᠠᠭᠤᠳᠠᠯ ᠢ ᠰᠢᠢᠳᠪᠥᠷᠢᠯᠡᠬᠦ ᠶᠢ | ᠵᠣᠭᠰᠣᠭᠠᠵᠤ ᠦᠭᠡᠢ᠂ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ | ᠨᠡᠶᠢᠭᠡᠮ ᠤᠨ ᠪᠠᠳᠣᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠢᠳᠡᠭᠡᠨ ᠤ ᠠᠮᠤᠷ | ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠪᠣᠳᠠᠲᠠᠶ ᠠᠰᠠᠭᠤᠳᠠᠯ ᠤᠨ ᠲᠣᠭᠤᠷᠢᠨ ᠳᠤ ᠨᠢᠭᠡ ᠨᠢᠭᠡ | ᠵᠦᠢᠯ ᠢᠶᠠᠷ ᠨᠠᠶᠢᠳᠠᠪᠥᠷᠢᠵᠢᠭᠤᠯᠬᠤ ᠶᠢ ᠠᠳᠬᠤᠨ᠎ᠠ᠃ ᠵᠢᠯ ᠳᠠᠷᠠᠭᠠᠯᠠᠨ ᠠᠵᠢᠯᠯᠠᠵᠤ᠂ ᠤᠯᠠᠨ ᠲᠦᠮᠡᠨ ᠳᠤ ᠨᠡᠩ | ᠤᠯᠠᠨ ᠬᠤᠪᠢᠷᠠᠯᠲᠠ ᠭᠠᠷᠭᠠᠵᠤ᠂ ᠨᠡᠩ ᠤᠯᠠᠨ ᠪᠣᠳᠠᠲᠤ ᠠᠰᠢᠭ ᠲᠤᠰᠠ ᠬᠦᠷᠲᠡᠭᠡᠬᠦ ᠪᠠᠷ ᠴᠢᠷᠮᠠᠶᠢᠵᠥ᠂ ᠠᠵᠢᠯ ᠤᠨ | ᠰᠤᠷᠲᠠᠯ ᠢᠶᠠᠨ ᠬᠤᠪᠢᠷᠠᠭᠤᠯᠵᠤ ᠬᠤᠶᠢᠷᠭᠤᠰᠢᠬᠤ ᠦᠭᠡᠢ ᠪᠠᠶᠢᠵᠤ᠂ ᠠᠷᠠᠳ ᠲᠦᠮᠡᠨ ᠳᠤ ᠪᠤᠶᠠᠨ ᠦᠢᠯᠡᠳᠬᠦ ᠪᠠᠷ | ᠥᠪᠡᠷ ᠤᠨ ᠡᠭᠦᠷᠭᠡ ᠪᠠᠨ ᠪᠣᠯᠭᠠᠵᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠰᠠᠶᠢᠨ ᠶᠠᠪᠤᠳᠠᠯ ᠬᠢᠬᠦ᠂ | ᠬᠦᠴᠢᠷ ᠢ ᠰᠢᠢᠳᠪᠥᠷᠢᠯᠡᠬᠦ ᠲᠠᠯ᠎ᠠ ᠪᠠᠷ ᠤᠳᠠᠭᠠᠨ ᠳᠠᠭᠠᠭᠠᠮᠠᠭᠠᠶ ᠬᠥᠴᠥᠯᠡᠵᠥ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ | ᠨᠡᠮᠡᠭᠳᠡᠭᠦᠯᠦᠨ᠎ᠡ᠃ | ᠬᠤᠷᠠᠯ ᠳᠡᠭᠡᠷ᠎ᠡ ᠪᠠᠰᠠ ︽ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ | ᠮᠣᠩᠭᠤᠯ ᠤᠨ ᠳᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶᠠᠨ ᠤ ᠮᠡᠳᠡᠭᠳᠡᠯ︾ ︵ᠪᠤᠭᠤᠳᠥ ᠨᠠᠮ | ᠲᠠᠷᠬᠠᠭᠠᠭᠰᠠᠨ ︹ 2020 ︺ 8 ᠳ᠋ᠤᠭᠠᠷ ᠲᠣᠭᠠᠲᠤ︶᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ | ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠠᠯᠪᠠᠨ ᠮᠡᠳᠡᠭᠡ︾ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠥ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | |