ᠶᠡᠭᠡ ᠳᠡᠭᠡᠳᠥ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠴᠠᠭ ᠠᠭᠤᠷ ᠤᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2020-07-06
ᠨᠢᠭᠡ᠂ ᠴᠠᠭ ᠠᠭᠤᠷ ᠤᠨ ᠬᠠᠨᠳᠤᠰᠢ      ᠶᠡᠭᠡ ᠳᠡᠭᠡᠳᠥ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠪᠠᠲᠤᠬᠠᠭᠠᠯᠭ᠎ᠠ  ᠪᠠᠯᠭᠠᠰᠤᠨ ᠳᠤ ᠠᠭᠠᠳᠠᠷ ᠪᠣᠷᠣᠭᠠᠨ ᠪᠤᠶᠤ ᠠᠶᠤᠩᠭᠠᠲᠤ ᠪᠣᠷᠣᠭᠠᠨ ᠤ ᠠᠭᠤᠷ ᠠᠮᠢᠰᠬᠤᠯ ᠢᠯᠡᠷᠡᠵᠥ᠂ ᠡᠷᠲᠡ ᠣᠷᠣᠢ ᠰᠡᠷᠢᠭᠦᠬᠡᠨ ᠪᠠᠶᠢᠵᠥ᠂ ᠦᠳᠡ ᠶᠢᠨ ᠬᠤᠶᠢᠨ᠎ᠠ ᠶᠢᠨ ᠠᠭᠠᠷ ᠤᠨ ᠳᠤᠯᠠᠭᠠᠨ ᠨᠡᠯᠢᠶᠡᠳ ᠥᠨᠳᠥᠷ᠂ ᠰᠠᠯᠬᠢᠨ ᠤ ᠬᠦᠴᠦ ᠶᠡᠭᠡ ᠪᠢᠰᠢ᠃      7 ᠤ ᠡᠳᠦᠷ᠂ ᠪᠠᠲᠤᠬᠠᠭᠠᠯᠭ᠎ᠠ ᠪᠠᠯᠭᠠᠰᠤ ᠨᠢ ᠲᠤᠩᠭᠠᠯᠠᠭ ᠢᠶᠠᠷ ᠭᠤᠣᠯ ᠪᠣᠯᠭᠠᠵᠤ᠂ 8~9 ᠤ ᠡᠳᠦᠷ᠂ ᠡᠭᠦᠯᠡ ᠲᠠᠢ᠂ ᠬᠡᠰᠡᠭ ᠬᠡᠰᠡᠭ ᠪᠣᠷᠣᠭᠠᠨ ᠲᠠᠢ᠃ ᠠᠶᠤᠩᠭ᠎ᠠ ᠴᠠᠬᠢᠯᠭᠠᠨ᠂ ᠠᠶᠤᠩᠭᠠᠲᠤ ᠪᠣᠷᠣᠭᠠᠨ᠂ ᠶᠡᠭᠡ ᠰᠠᠯᠬᠢ᠂ ᠮᠥᠨᠳᠥᠷ᠂ ᠣᠬᠤᠷ ᠴᠠᠭ ᠤᠨ ᠰᠢᠷᠦᠭᠦᠨ ᠪᠣᠷᠣᠭᠠᠨ ᠵᠡᠷᠭᠡ ᠰᠢᠷᠦᠭᠦᠨ ᠰᠣᠯᠢᠭ ᠤᠷᠤᠰᠬᠠᠯ ᠤᠨ ᠠᠭᠤᠷ ᠠᠮᠢᠰᠬᠤᠯ ᠳᠠᠭᠠᠯᠳᠤᠵᠤ᠂ ᠬᠠᠮᠤᠭ ᠥᠨᠳᠥᠷ ᠠᠭᠠᠷ ᠤᠨ ᠳᠤᠯᠠᠭᠠᠨ ᠨᠢ 33 ℃ ᠣᠷᠴᠢᠮ ᠬᠥᠷᠥᠨ᠎ᠡ᠃ᠬᠤᠶᠠᠷ᠂ ᠪᠣᠳᠠᠲᠠᠶ ᠤᠷᠢᠳᠴᠢᠯᠠᠭᠰᠠᠨ ᠮᠡᠳᠡᠭᠡ      7 ᠰᠠᠷ᠎ᠠ ᠶᠢᠨ7 ᠡᠳᠥᠷ᠄ ᠴᠡᠯᠮᠡᠭ᠂ ᠤᠮᠠᠷᠠᠲᠤ ᠰᠠᠯᠬᠢ 2~3 ᠳᠡᠰ᠂ 15~31℃      7 ᠰᠠᠷ᠎ᠠ ᠶᠢᠨ8 ᠡᠳᠥᠷ᠄ ᠡᠭᠦᠯᠡ ᠲᠠᠢ᠂ ᠲᠠᠷᠠᠬᠠᠶ ᠪᠣᠷᠣᠭᠠᠨ ᠲᠠᠢ᠂ ᠪᠠᠷᠠᠭᠤᠨ ᠰᠠᠯᠬᠢ 3~4 ᠳᠡᠰ᠂ 19~33℃      7 ᠰᠠᠷ᠎ᠠ ᠶᠢᠨ9 ᠡᠳᠥᠷ᠄ᠡᠭᠦᠯᠡ ᠲᠠᠢ᠂ ᠲᠠᠷᠠᠬᠠᠶ ᠪᠣᠷᠣᠭᠠᠨ ᠲᠠᠢ᠂ ᠪᠠᠷᠠᠭᠤᠨ ᠡᠮᠦᠨᠡᠲᠦ ᠶᠢᠨ ᠰᠠᠯᠬᠢ 3~4 ᠳᠡᠰ᠂ 17~32℃ᠭᠤᠷᠪᠠ᠂ ᠬᠠᠯᠠᠭᠤᠨ ᠳᠣᠲᠣᠨᠣ ᠰᠠᠨᠠᠭᠤᠯᠤᠮᠵᠢ      ᠶᠡᠭᠡ ᠳᠡᠭᠡᠳᠥ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠪᠠᠲᠤᠬᠠᠭᠠᠯᠭ᠎ᠠ ᠪᠠᠯᠭᠠᠰᠤ ᠨᠢ ᠬᠡᠰᠡᠭ ᠪᠣᠷᠣᠭᠠᠨ ᠪᠤᠶᠤ ᠬᠡᠰᠡᠭ ᠠᠶᠣᠩᠭᠠᠳᠥ ᠪᠣᠷᠣᠭᠠᠨ ᠣᠷᠣᠵᠤ᠂ ᠦᠳᠡ ᠶᠢᠨ ᠬᠤᠶᠢᠨ᠎ᠠ ᠶᠢᠨ ᠨᠡᠷᠡᠨ ᠤ ᠰᠠᠴᠤᠷᠠᠯᠲᠠ ᠨᠡᠯᠢᠶᠡᠳ ᠴᠢᠩᠭ᠎ᠠ ᠪᠠᠶᠢᠵᠤ᠂ ᠳᠤᠯᠠᠭᠠᠨ ᠤ ᠬᠡᠮᠵᠢᠶ᠎ᠡ ᠨᠡᠯᠢᠶᠡᠳ ᠥᠨᠳᠥᠷ᠃ ᠰᠢᠯᠭᠠᠭᠤᠯᠤᠭᠴᠢ ᠵᠢᠴᠢ ᠬᠡᠷ ᠤᠨ ᠠᠬᠠᠮᠠᠳ ᠨᠡᠷᠡᠨ ᠳᠤ ᠰᠢᠷᠠᠭᠳᠠᠬᠤ ᠠᠴᠠ ᠰᠡᠷᠭᠡᠶᠢᠯᠡᠵᠥ᠂ ᠨᠠᠷᠠᠰᠢᠬᠤ ᠶᠢ ᠠᠩᠬᠠᠷᠴᠤ ᠂ ᠪᠣᠷᠣᠭᠠᠨ ᠤ ᠬᠡᠷᠡᠭᠰᠡᠯ ᠢᠶᠠᠨ ᠴᠠᠭ ᠢᠮᠠᠭᠳᠠ ᠪᠡᠶᠡᠨ ᠳᠤ ᠪᠠᠨ ᠠᠪᠴᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠶᠢᠨ ᠬᠠᠮᠲᠤ᠂ ᠬᠠᠮᠤᠭ ᠤᠨ ᠰᠢᠨ᠎ᠡ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠶ ᠳᠤᠨᠢ ᠠᠩᠬᠠᠷᠬᠤ ᠬᠡᠷᠡᠭᠲᠡᠶ᠃      ᠰᠢᠯᠭᠠᠭᠤᠯᠤᠭᠰᠠᠳ ᠤᠨ ᠥᠨᠳᠥᠷ ᠠᠮᠵᠢᠯᠳᠠ ᠶᠢ ᠵᠥᠩᠨᠡᠶ᠎ᠡ︕
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号