ᠮᠤᠩᠭᠤᠯ ᠤᠨ ᠤᠯᠠᠮᠵᠢᠯᠠᠯᠳᠥ ᠣᠪᠣᠭ᠎ᠠ ᠳᠠᠬᠢᠬᠤ ᠶᠣᠰᠤᠯᠠᠯ ᠳᠠᠷᠬᠠᠨ ᠮᠤᠤᠮᠢᠩᠭᠠᠨ ᠤ ᠲᠠᠯ᠎ᠠ ᠨᠤᠲᠤᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2020-07-06
     7 ᠰᠠᠷ᠎ᠠ ᠶᠢᠨ 3 ᠤ ᠡᠳᠦᠷ᠂ ᠪᠢᠯᠢᠭ ᠤᠨ ᠤᠯᠠᠷᠢᠯ ᠤᠨ5 ᠰᠠᠷ᠎ᠠ ᠶᠢᠨ 13 ᠤ ᠡᠳᠦᠷ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠪᠠᠶᠠᠨᠪᠣᠭᠳᠠ ᠣᠪᠣᠭ᠎ᠠ  ᠪᠠᠨ‌‍ᠲ᠋ᠠᠬᠢᠬᠤ ᠶᠣᠰᠣᠯᠠᠯ ᠶᠠᠪᠤᠭᠤᠯᠪᠠ᠃ ᠣᠪᠣᠭᠠᠨ ᠰᠣᠶᠣᠯ ᠨᠢ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠢᠭᠡ ᠪᠠᠶᠢᠵᠤ᠂ ᠮᠣᠩᠭᠤᠯᠴᠤᠳ ᠤᠨ ᠪᠠᠶᠢᠭᠠᠯᠢ ᠶᠢᠷᠲᠢᠨᠴᠦ ᠪᠠᠨ ᠳᠡᠭᠡᠳᠦᠯᠡᠨ ᠳᠡᠬᠢᠵᠤ᠂ ᠬᠤᠷ᠎ᠠ ᠪᠣᠷᠣᠭᠠᠨ ᠲᠡᠭᠰᠢ᠂ ᠲᠠᠪᠤᠨ ᠬᠤᠰᠢᠭᠤ ᠮᠠᠯ ᠤᠨ ᠳᠠᠪᠤᠳᠠᠢ ᠰᠠᠶᠢᠨ ᠢ ᠢᠷᠥᠭᠡᠳᠡᠭ᠃      ᠥᠷᠯᠥᠭᠡ ᠡᠷᠳᠡ᠂ ᠮᠤᠩᠭᠤᠯ ᠢᠶᠠᠷ ᠢᠶᠠᠨ ᠭᠤᠶᠣᠯᠠᠭᠰᠠᠨ ᠬᠥᠮᠦᠰ ᠪᠢᠰᠢᠷᠡᠨ ᠪᠠᠭ᠋ᠠᠷᠬᠠᠭᠰᠠᠨ ᠰᠡᠳᠬᠢᠯ ᠢᠶᠠᠷ᠂ ᠲᠠᠬᠢᠯ ᠤᠨ ᠡᠳ᠋ ᠢᠶᠠᠨ ᠠᠪᠴᠤ᠂ ᠳᠥᠷᠪᠡᠨ ᠵᠦᠭ ᠨᠠᠶ᠋ᠮᠠᠨ ᠵᠣᠪᠬᠢᠰ ᠠᠴᠠ ᠬᠤᠷᠠᠨ ᠴᠤᠭᠯᠠᠷᠠᠵᠤ᠂ ᠪᠠᠶᠠᠨᠪᠣᠭᠳᠠ ᠣᠪᠣᠭ᠎ᠠ ᠳᠠᠬᠢᠬᠤ ᠶᠣᠰᠣᠯᠠᠯ ᠤᠨ ᠠᠬᠤᠶ ᠲᠠᠯᠠᠪᠠᠢ ᠳᠤ ᠢᠷᠡᠪᠡ᠃
     ᠣᠪᠣᠭᠠᠨ ᠳᠡᠭᠡᠷ᠎ᠡ ᠥᠩᠭᠡᠳᠥ ᠲᠤᠭ ᠳᠠᠯᠪᠠᠭ᠎ᠠ ᠰᠠᠯᠬᠢᠨ ᠤ ᠠᠶ᠎ᠠ ᠪᠠᠷ ᠨᠠᠮᠢᠷᠠᠵᠤ᠂ ᠲᠠᠭᠢᠯᠭ᠎ᠠ ᠶᠢᠨ ᠰᠢᠷᠡᠭᠡᠨ ᠳᠡᠭᠡᠷ᠎ᠡ ᠬᠤᠨᠢᠨ ᠨᠢᠷᠤᠭᠤ᠂ ᠭᠡᠭᠦᠦ ᠶᠢᠨ ᠰᠠᠷᠬᠤᠳ ᠵᠡᠷᠭᠡ ᠪᠠᠨ ᠳᠦᠭᠦᠷᠲᠡᠯ᠎ᠡ ᠳᠡᠯᠪᠢᠵᠡᠢ᠃ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠵᠢᠴᠢ ᠡᠯ᠎ᠡ ᠰᠤᠮᠤ ᠪᠠᠯᠭᠠᠰᠤ᠂ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠳᠡᠳ ᠬᠠᠮᠲᠤ ᠳᠠᠭᠠᠨ ᠣᠪᠣᠭ᠎ᠠ ᠲᠠᠬᠢᠬᠤ ᠳᠤ ᠣᠷᠣᠯᠴᠠᠪᠠ᠃
︵ᠯᠠᠮᠠ ᠨᠠᠷ ᠥᠴᠢᠭ ᠤᠩᠰᠢᠪᠠ︶
︵ᠵᠤᠯᠠ ᠠᠰᠠᠭᠠᠨ᠎ᠠ︶
︵ᠣᠩᠭᠤᠨ ᠮᠣᠷᠢ ᠳᠤ ᠬᠤᠪᠢᠯᠭᠠᠨ ᠪᠦᠰᠡ ᠵᠡᠭᠦᠯᠭᠡᠵᠥ᠂ ᠲᠠᠯ᠎ᠠ ᠨᠤᠲᠤᠭ ᠲᠤ ᠨᠢ ᠳᠡᠯᠪᠢᠪᠠ︶
︵ᠬᠠᠳᠠᠭ ᠳᠡᠯᠪᠢᠵᠥ᠂ ᠲᠠᠬᠢᠯᠭ᠎ᠠ ᠡᠷᠭᠦᠬᠦ︶
︵ᠴᠢᠩ ᠰᠦᠰᠦᠭᠲᠦ ᠮᠠᠯᠴᠢᠨ ᠬᠤᠶᠠᠷ ᠭᠠᠷ ᠢᠶᠠᠨ ᠨᠡᠶᠢᠯᠡᠭᠦᠯᠵᠦ᠂ ᠣᠪᠣᠭᠠᠨ ᠡᠮᠦᠨ᠎ᠡ ᠳᠠᠭᠠᠳᠬᠠᠨ᠎ᠠ︶      ᠡᠨᠡ ᠪᠣᠯ ᠲᠠᠯ᠎ᠠ ᠨᠤᠲᠤᠭ ᠤᠨ ᠬᠠᠮᠤᠭ ᠤᠨ ᠭᠤᠶᠣ ᠤᠯᠠᠷᠢᠯ᠂ ᠤᠰᠤ ᠪᠡᠯᠴᠢᠭᠡᠷ ᠰᠠᠬᠤᠯᠢᠭ᠂ ᠦᠬᠡᠷ ᠬᠤᠨᠢ ᠢᠮᠠᠭ᠎ᠠ ᠲᠠᠷᠭᠤᠨ ᠳᠠᠪᠠᠳᠠᠢ᠃ ᠪᠢᠳᠡ ᠬᠠᠮᠲᠤ ᠪᠠᠷ ᠬᠤᠷ᠎ᠠ ᠪᠣᠷᠣᠭᠠᠨ ᠲᠡᠭᠰᠢ᠂ ᠠᠮᠢᠳᠤᠷᠠᠯ ᠤᠨ ᠵᠣᠯ ᠵᠢᠷᠭᠠᠯ ᠢᠶᠠᠨ ᠵᠥᠩᠨᠡᠶ᠎ᠡ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号