ᠵᠤᠨ ᠤ ᠳᠤᠮᠳᠠ ᠤᠯᠠᠷᠢᠯ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠢᠩᠭᠠᠨ ᠪᠠᠯᠭᠠᠰᠤᠨ ᠤ | ᠰᠢᠨᠡᠪᠤᠯᠠᠭ ᠤᠨ ᠲᠠᠯ᠎ᠠ ᠨᠤᠲᠤᠭ ᠨᠣᠮᠢᠨ ᠨᠣᠭᠤᠭᠠᠨ ᠦᠩᠬᠡ ᠪᠠᠷ ᠪᠢᠯᠬᠠᠵᠤ᠂ ᠠᠮᠢᠵᠢᠷᠠᠯ ᠤᠨ ᠬᠦᠴᠦᠨ ᠢᠶᠠᠨ | ᠪᠠᠳᠠᠷᠠᠭᠤᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ | ᠭᠠᠵᠠᠷ ᠯᠦᠩ ᠮᠧᠶ ᠢᠦᠶ ᠷᠦᠩ ᠤᠨ ᠬᠠᠭᠤᠴᠢᠨ ᠰᠠᠭᠤᠴᠠ ᠶᠢᠨ ᠦᠵᠡᠭᠦᠯᠦᠯᠭᠡ ᠶᠢᠨ ᠲᠢᠩᠬᠢᠮ ᠳᠤ ᠨᠠᠮ ᠤᠨ | ᠰᠦᠯᠳᠡ ᠲᠥᠪ ᠬᠢᠴᠢᠶᠡᠩᠭᠦᠶ᠂ ᠭᠠᠯ ᠤᠯᠠᠭᠠᠨ᠂ ᠭᠤᠶᠤ ᠬᠠᠷᠠᠭᠳᠠᠨ᠎ᠠ︕ | | ᠨᠠᠮ ᠪᠠᠶᠢᠭᠤᠯᠤᠭᠳᠠᠭᠰᠠᠨ ᠪᠠᠶᠠᠷ ᠤᠨ ᠡᠳᠦᠷ ᠶᠠᠪᠤᠬᠤ ᠲᠤᠲᠤᠮ ᠣᠶᠢᠷᠠᠳᠬᠤ ᠶᠢ ᠳᠠᠭᠠᠯᠳᠤᠨ᠂ 6 | ᠰᠠᠷ᠎ᠠ ᠶᠢᠨ 29 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠢᠲᠡᠭᠡᠮᠵᠢ ᠶᠢᠨ ᠬᠤᠯᠪᠣᠭᠠᠲᠤ | ᠬᠤᠷᠰᠢᠶ᠎ᠠ ᠶᠢᠨ ᠨᠠᠮ ᠤᠨ ᠬᠤᠷᠢᠶ᠎ᠠ ᠮᠢᠩᠭᠠᠨ ᠪᠠᠯᠭᠠᠰᠤ ᠲᠠᠢ ᠬᠠᠮᠲᠤᠷᠠᠨ᠂ ᠢᠲᠡᠭᠡᠮᠵᠢ ᠶᠢᠨ ᠬᠤᠯᠪᠣᠭᠠᠲᠤ | ᠬᠤᠷᠰᠢᠶ᠎ᠠ ᠶᠢᠨ ᠤᠳᠤᠷᠢᠳᠬᠤ ᠪᠠᠭ ᠤᠨ ᠪᠥᠬᠦ ᠪᠥᠷᠢᠯᠳᠥᠭᠦᠨ ᠪᠠ ᠳᠤᠮᠳᠠ ᠳᠠᠪᠬᠤᠷᠭ᠎ᠠ ᠶᠢᠨ ᠠᠵᠢᠯᠳᠡᠳ ᠢ ᠵᠣᠬᠢᠶᠠᠨ | ᠪᠠᠶᠢᠭᠤᠯᠵᠤ᠂ ︽ᠲᠠᠯ᠎ᠠ ᠨᠤᠲᠤᠭ ᠤᠨ ᠪᠠᠭᠠᠳᠤᠷ ᠡᠭᠡᠴᠢ ᠥᠬᠢᠨ ᠳᠡᠭᠦᠤ︾ ᠯᠦᠩ ᠮᠧᠶ ᠢᠦᠶ ᠷᠦᠩ ᠤᠨ | ᠬᠠᠭᠤᠴᠢᠨ ᠰᠠᠭᠤᠴᠠ ᠵᠢᠴᠢ ᠦᠵᠡᠭᠦᠯᠦᠯᠭᠡ ᠶᠢᠨ ᠲᠢᠩᠬᠢᠮ ᠳᠤ ︽ᠲᠤᠯᠤᠭᠠᠨ ᠰᠠᠷ᠎ᠠ ᠶᠢᠨ ᠨᠢᠭᠡᠨ ᠤ ᠪᠠᠶᠠᠷ ᠢ | ᠪᠡᠯᠭᠡᠯᠡᠵᠦ᠂ ᠨᠠᠮ ᠤᠨ ᠠᠴᠢ ᠶᠢ ᠮᠠᠭᠲᠠᠨ ᠰᠠᠶᠢᠰᠢᠶᠠᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ | | | ᠠᠵᠢᠯᠯᠠᠭᠠᠨ ᠤ ᠳᠤᠮᠳᠠ᠂ ᠪᠥᠬᠦ ᠬᠥᠮᠦᠰ ᠬᠠᠮᠲᠤ ᠪᠠᠷ ︽ᠲᠠᠯ᠎ᠠ ᠨᠤᠲᠤᠭ ᠤᠨ ᠪᠠᠭᠠᠲᠤᠷ ᠡᠭᠡᠴᠢ ᠥᠬᠢᠨ | ᠳᠡᠭᠦᠤ︾ ᠯᠦᠩ ᠮᠧᠶ ᠢᠦᠶ ᠷᠦᠩ ᠤᠨ ᠬᠠᠭᠤᠴᠢᠨ ᠰᠠᠭᠤᠴᠠ ᠵᠢᠴᠢ ᠦᠵᠡᠭᠦᠯᠭᠡ ᠶᠢᠨ ᠲᠢᠩᠬᠢᠮ ᠢ ᠲᠣᠭᠤᠷᠢᠨ | ᠦᠵᠡᠵᠦ᠂ ᠯᠦᠩ ᠮᠧᠶ᠂ ᠢᠦᠶ ᠷᠦᠩ ᠤᠨ ᠥᠪᠡᠷ ᠤᠨ ᠪᠠᠭᠠᠲᠤᠷᠯᠢᠭ ᠥᠩᠭᠡᠷᠡᠯᠲᠡ ᠪᠠᠨ ᠡᠷᠬᠢᠴᠡᠭᠦᠯᠬᠦ ᠶᠢ ᠨᠠᠷᠢᠨ | ᠬᠢᠨᠠᠮᠠᠭᠠᠶ ᠰᠣᠨᠣᠰᠪᠠ᠃ ᠯᠥᠩ ᠮᠧᠶ᠂ ᠢᠦᠶ ᠷᠥᠩ ᠨᠠᠮ ᠤᠨ ᠭᠡᠰᠢᠭᠦᠨ ᠺᠠᠳ᠋ᠷᠴᠤᠳ ᠲᠠᠢ ᠬᠠᠮᠲᠤ ᠥᠩᠭᠡᠷᠡᠭᠰᠡᠨ ᠤ | ᠶᠠᠪᠤᠳᠠᠯ ᠢᠶᠠᠨ ᠳᠠᠬᠢᠨ ᠡᠷᠭᠢᠴᠡᠭᠦᠯᠵᠦ᠂ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ᠂ ᠨᠤᠲᠤᠭ | ᠤᠰᠤᠨ ᠤ ᠪᠠᠨ ᠪᠦᠲᠦᠭᠡᠨ ᠪᠠᠶᠢᠭᠤᠯᠤᠯᠲᠠ ᠶᠢ ᠭᠦᠢᠴᠡᠳ ᠨᠤᠲᠠᠯᠠᠵᠤ᠂ ᠨᠠᠮ ᠤᠨ ᠵᠥᠪ ᠤᠳᠤᠷᠢᠳᠤᠯᠭ᠎ᠠ ᠳᠣᠤᠷ᠎ᠠ | ᠨᠤᠲᠤᠭ ᠤᠨ ᠳᠦᠷᠰᠦ ᠪᠠᠶᠢᠳᠠᠯ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠢ ᠭᠡᠵᠡᠢ᠃ ᠨᠠᠮ ᠤᠨ | ᠭᠡᠰᠢᠭᠦᠳ ᠤᠨ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠤᠲᠤᠭ ᠤᠰᠤᠨ ᠤ ᠪᠠᠨ | ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠬᠦᠴᠦ ᠨᠡᠮᠡᠬᠦ ᠶᠢ ᠨᠠᠮ ᠤᠨ ᠭᠡᠰᠢᠭᠦᠳ ᠲᠤ ᠤᠷᠢᠶᠠᠯᠠᠪᠠ᠃ | | ᠳᠠᠷᠠᠭ᠎ᠠ ᠨᠢ᠂ ᠯᠥᠩ ᠮᠧᠶ᠂ ᠢᠦᠶ ᠷᠥᠩ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠨᠠᠮ ᠳᠤ | ᠣᠷᠣᠬᠤ ᠲᠠᠩᠭᠠᠷᠢᠭ ᠢ ᠳᠠᠬᠢᠨ ᠬᠢᠪᠡ᠃ ᠨᠠᠮ ᠳᠤ ᠣᠷᠣᠬᠤ ᠲᠠᠩᠭᠠᠷᠢᠭ ᠤᠨ ᠦᠭᠡ ᠶᠢᠨ ᠶᠣᠰᠣᠯᠠᠯ ᠳᠤ ᠨᠠᠮ ᠤᠨ | ᠭᠡᠰᠢᠭᠦᠳ ᠬᠤᠷᠴᠠ ᠰᠣᠷᠭᠤᠭ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠪᠠᠷᠠᠭᠤᠨ ᠨᠢᠳᠤᠷᠭ᠎ᠠ ᠪᠠᠨ ᠡᠷᠭᠦᠨ | ᠲᠠᠩᠭᠠᠷᠢᠭᠯᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠲᠠᠩᠭᠠᠷᠢᠭ ᠲᠠᠯᠪᠢᠵᠤ᠂ ᠨᠠᠮ ᠤᠨ ᠦᠢᠯᠡᠰ ᠤᠨ | ᠲᠥᠯᠥᠭᠡ ᠨᠠᠰᠤ ᠪᠠᠷ ᠢᠶᠠᠨ ᠲᠡᠮᠡᠴᠡᠬᠦ ᠡᠷᠡᠰ ᠵᠣᠷᠢᠭ ᠪᠠ ᠬᠦᠰᠡᠯ ᠡᠷᠡᠮᠡᠯᠵᠡᠯ ᠢᠶᠠᠨ ᠢᠯᠡᠳᠬᠡᠪᠡ᠃ | ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠺᠠᠳ᠋ᠷᠴᠤᠳ ᠪᠠᠰᠠ ᠶᠠᠳᠠᠭᠤ ᠬᠦᠴᠢᠷᠳᠡᠯᠲᠡᠢ ᠨᠠᠮ ᠤᠨ | ᠭᠡᠰᠢᠭᠦᠨ ᠢ ᠳᠣᠬᠤᠨᠢᠭᠤᠯᠵᠤ᠂ ᠯᠥᠩ ᠮᠧᠶ᠂ ᠢᠦᠶ ᠷᠥᠩ ᠰᠢᠷᠠᠴᠢᠯᠠᠭᠤ ᠭᠠᠴᠠᠭ᠎ᠠ ᠳᠤ ᠨᠣᠮ ᠪᠢᠴᠢᠭ ᠪᠡᠯᠡᠭᠯᠡᠪᠡ᠃ | | | ᠠᠵᠢᠯᠯᠠᠭ᠎ᠠ ᠶᠢᠨ ᠳᠠᠷᠠᠭ᠎ᠠ᠂ ᠣᠯᠠᠨ ᠢᠶᠠᠷ ᠢᠶᠠᠨ ᠨᠠᠮ ᠳᠤ ᠣᠷᠣᠬᠤ ᠲᠠᠩᠭᠠᠷᠢᠭ ᠤᠨ ᠦᠭᠡ ᠶᠢ ᠢᠮᠠᠭᠲᠠ | ᠪᠠᠲᠤ ᠴᠡᠭᠡᠵᠢᠯᠡᠵᠥ᠂ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠬᠤᠪᠢᠰᠬᠠᠯ ᠤᠨ ᠢᠲᠡᠭᠡᠯ ᠪᠢᠰᠢᠷᠡᠯ ᠢᠶᠠᠨ | ᠪᠠᠲᠤᠳᠬᠠᠵᠤ᠂ ᠦᠷᠡᠭᠳᠡᠭᠰᠡᠨ ᠪᠠᠭᠠᠲᠤᠷᠴᠤᠳ ᠤᠨ ᠬᠤᠪᠢᠰᠬᠠᠯ ᠤᠨ ᠦᠢᠯᠡᠰ ᠤᠨ ᠲᠥᠯᠥᠭᠡ ᠴᠢᠰᠤ ᠤᠷᠤᠰᠬᠠᠵᠤ᠂ | ᠴᠢᠩ ᠵᠣᠷᠢᠭ ᠢᠶᠠᠨ ᠦᠯᠦ ᠥᠭᠡᠷᠡᠴᠢᠯᠡᠬᠦ ᠬᠠᠷᠠᠮ ᠦᠭᠡᠶ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠨᠠᠮ ᠤᠨ ᠭᠡᠰᠢᠭᠦᠨ ᠤ ᠰᠢᠨ᠎ᠡ ᠳᠦᠷᠢ ᠲᠥᠷᠬᠦ ᠶᠢ ᠪᠤᠢ ᠪᠤᠯᠭᠠᠵᠤ᠂ ᠲᠥᠪ ᠰᠤᠷᠲᠠᠯ ᠢ ᠪᠠᠳᠠᠷᠠᠭᠤᠯᠬᠤ᠂ ᠦᠯᠢᠭᠡᠷ | ᠳᠠᠭᠤᠷᠢᠶᠠᠯ ᠪᠣᠯᠬᠤ ᠪᠠᠷ ᠴᠢᠷᠮᠠᠶᠢᠨ᠎ᠠ ᠭᠡᠵᠤ ᠢᠯᠡᠷᠬᠡᠶᠢᠯᠡᠵᠡᠶ᠃ | | |