ᠨᠠᠮ ᠪᠠᠶᠢᠭᠤᠯᠤᠭᠳᠠᠭᠰᠠᠨ 99 ᠵᠢᠯ ᠤᠨ ᠣᠢ ᠳᠤ ᠮᠠᠨᠳᠤᠯ ᠪᠠᠯᠭᠠᠰᠤᠨ ᠤ ᠬᠢᠨᠢ ᠭᠥᠳᠡᠯᠭᠡᠭᠡᠨ ᠢ ᠶᠠᠪᠤᠭᠳᠠᠭᠤᠯᠤᠯ᠎ᠠ
ᠨᠡᠶᠢᠲᠡᠯᠡᠭᠰᠡᠨ ᠴᠠᠭ᠄
2020-07-07
     2020 ᠣᠨ ᠤ7 ᠰᠠᠷ᠎ᠠ ᠶᠢᠨ1 ᠤ ᠡᠳᠥᠷ ᠳᠤᠮᠳᠠᠳᠥ ᠤᠯᠤᠰ ᠤᠨ ᠡᠪ ᠬᠠᠮᠳᠥ ᠨᠠᠮ ᠤᠨ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠤᠮᠠᠷᠠᠳᠥ ᠬᠢᠯᠢ ᠶᠢᠨ ᠬᠤᠯᠪᠤᠭᠠᠯᠠᠭᠰᠠᠨ ᠨᠠᠮ ᠤᠨ ᠬᠤᠷᠢᠶ᠎ᠠ᠂ ᠮᠠᠨᠳᠥᠯ ᠪᠠᠯᠭᠠᠰᠤᠨ ᠳᠤ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠪᠡᠯᠡᠭᠯᠡᠬᠦ ᠭᠤᠤᠯ ᠰᠡᠳᠥᠪᠳᠥ ᠨᠠᠮ ᠤᠨ ᠡᠳᠥᠷ  ᠤᠨ ᠬᠥᠳᠡᠯᠭᠡᠭᠡᠨ ᠥᠷᠨᠢᠭᠦᠯᠵᠥ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ᠳᠡᠳ᠋ ᠳᠠᠷᠤᠭ᠎ᠠ ᠂ ᠣᠶᠣᠨ ᠤ ᠪᠤᠯᠪᠠᠰᠤᠨ ᠤ ᠠᠯᠪᠠᠨ ᠭᠡᠷ ᠤᠨ ᠡᠷᠬᠢᠯᠡᠭᠴᠢ ᠬᠤᠤ ᠮᠣᠣ ᠱᠧᠩ ᠨᠥᠭᠦᠷ ᠢ ᠤᠷᠢᠵᠥ᠂ ᠶᠡᠷᠥᠩᠭᠡᠢ ᠱᠥᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠰᠢᠷᠢᠰ ᠴᠢᠬᠤᠯᠠ ᠶᠠᠷᠢᠶᠠᠨ  ᠤ ᠵᠤᠷᠢᠭ ᠰᠠᠨᠠᠭ᠎ᠠ ᠵᠢᠴᠢ ᠪᠥᠬᠦ ᠤᠯᠤᠰ ᠤᠨ ︽ᠬᠤᠶᠠᠷ ᠬᠤᠷᠠᠯ ᠤᠨ ᠵᠣᠷᠢᠭ ᠰᠠᠨᠠᠭ᠎ᠠ︾ ᠶᠢ ᠰᠤᠷᠤᠯᠴᠠᠬᠤ ᠶᠢᠨ ᠬᠠᠮᠳᠥ᠂20 ᠰᠢᠯᠢᠳᠡᠭ ᠨᠠᠮ ᠤᠨ ᠭᠡᠰᠢᠭᠦᠨ ᠢ ᠬᠥᠬᠢᠭᠦᠯᠥᠨ ᠢᠷᠠᠭᠤ ᠠᠯᠳᠠᠷ ᠤᠨ ᠦᠨᠡᠮᠯᠡᠯ ᠣᠯᠭᠤᠵᠥ᠂ ᠳᠡᠳᠡᠨᠡᠷ  ᠤᠨ ᠨᠠᠮ ᠳᠠᠭᠠᠨ ᠦᠢᠯᠡᠴᠢᠯᠡᠭᠰᠡᠨ ᠵᠢᠳᠭᠦᠯ ᠴᠢᠷᠮᠠᠶᠢᠯᠭ᠎ᠠ ᠬᠤᠰᠢᠭᠤᠴᠢ ᠵᠢᠱᠢᠶᠡᠴᠢ ᠦᠢᠯᠡᠳᠥᠯ ᠢ ᠮᠠᠭᠳᠠᠨ ᠰᠠᠶᠢᠰᠢᠶᠠᠵᠤ᠂ ᠨᠠᠮ ᠤᠨ ᠭᠡᠰᠢᠭᠦᠨ ᠣᠯᠠᠨ ᠳᠥᠮᠡᠨ ᠳᠡᠷᠢᠭᠦᠨ ᠤ ᠨᠠᠮ ᠤᠨ ᠭᠡᠰᠢᠭᠦᠨ ᠠᠴᠠ ᠳᠠᠭᠠᠭᠠᠨ ᠰᠤᠷᠤᠯᠴᠠᠬᠤ  ᠶᠢ ᠤᠷᠢᠶᠠᠯᠠᠭᠰᠠᠨ ᠪᠠᠶᠢᠨ᠎ᠠ᠃      ᠪᠥᠬᠦ ᠨᠡᠮ ᠤᠨ ᠭᠡᠰᠢᠭᠦᠳ ︽ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠥ ᠴᠡᠭᠡᠵᠢᠯᠡᠬᠦ᠂ ᠪᠢ ᠪᠤᠯ ᠨᠠᠮ ᠤᠨ ᠭᠡᠰᠢᠭᠦᠨ᠂ ᠪᠢ ᠦᠯᠢᠭᠡᠷ ᠳᠠᠭᠤᠷᠢᠶᠠᠯ ᠪᠤᠯᠬᠤ︾ ᠬᠥᠨᠳᠡᠯᠡᠨ ᠪᠢᠴᠢᠭᠡᠰᠥ ᠳᠡᠭᠡᠷ᠎ᠡ ᠬᠠᠮᠳᠥ ᠪᠠᠷ ᠭᠠᠷ ᠤᠨ ᠦᠰᠦᠭ ᠵᠢᠷᠤᠬᠤ ᠶᠢᠨ ᠬᠠᠮᠳᠥ ᠤᠮᠠᠷᠠᠳᠥ ᠬᠢᠯᠢ ᠶᠢᠨ ᠬᠤᠯᠪᠤᠭᠠᠯᠠᠭᠰᠠᠨ ᠨᠠᠮ ᠤᠨ ᠬᠤᠷᠢᠶᠠᠨ  ᠤ ᠬᠢᠯᠢ ᠬᠢᠵᠠᠭᠠᠷ ᠣᠷᠣᠨ ᠤ ᠠᠮᠤᠷ ᠳᠥᠪᠰᠢᠨ ᠳᠤᠭᠳᠠᠭᠤᠨ ᠤ ᠠᠵᠢᠯ᠂ ᠭᠠᠴᠠᠭᠠᠨ ᠤ ᠬᠠᠮᠳᠥ ᠶᠢᠨ ᠠᠵᠤ ᠠᠬᠤᠢ᠂ ᠤᠮᠠᠷᠠᠳᠥ ᠬᠢᠯᠢ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠮᠢᠶ᠎ᠠ ᠪᠥᠬᠦᠢ ᠤᠴᠢᠷ ᠶᠠᠪᠤᠳᠠᠯ ᠢ ᠶᠠᠷᠢᠯᠴᠠᠨ ᠰᠣᠳᠣᠯᠵᠥ᠂ ᠨᠠᠮ ᠪᠠᠶᠢᠭᠤᠯᠤᠭᠳᠠᠭᠰᠠᠨ ᠪᠠᠶᠠᠷ ᠢ ᠬᠠᠮᠳᠤᠪᠠᠷ ᠪᠡᠯᠡᠭᠯᠡᠨ᠂ ᠨᠠᠮ ᠤᠨ ᠭᠡᠰᠢᠭᠦᠨ ᠤ ᠦᠵᠡᠯ ᠰᠠᠨᠠᠭ᠎ᠠ ᠤᠯᠤᠰ ᠳᠥᠷᠥ᠂ ᠢᠳᠡᠭᠡᠯ ᠪᠢᠰᠢᠷᠡᠯ ᠢᠶᠠᠨ ᠳᠡᠰᠣᠷᠠᠯᠳᠠ ᠦᠭᠡᠢ ᠳᠡᠭᠡᠭᠰᠢᠯᠡᠭᠦᠯᠥᠨ᠂ ᠨᠢᠭᠡ ᠰᠡᠳᠬᠢᠯ ᠨᠢᠭᠡ ᠵᠤᠷᠢᠭ  ᠢᠶᠠᠷ ᠠᠷᠠᠳ ᠳᠥᠮᠡᠨ ᠳᠤ ᠦᠢᠯᠡᠴᠢᠯᠡᠭᠦ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠥᠯ ᠢᠶᠠᠨ ᠪᠠᠳᠠᠷᠠᠭᠤᠯᠬᠤ ᠨᠠᠮ ᠳᠠᠭᠠᠨ ᠦᠨᠡᠨᠴᠢ ᠪᠠᠷ ᠵᠢᠳᠬᠦᠬᠦ ᠡᠷᠴᠢ ᠵᠤᠷᠢᠭ ᠢ ᠡᠷᠴᠢᠯᠡᠵᠥ ᠥᠭᠭᠦᠭᠰᠡᠨ ᠪᠠᠶᠢᠨ᠎ᠠ᠃      ᠮᠠᠨᠳᠥᠯ ᠪᠠᠯᠭᠠᠰᠤᠨ ᠤ ᠡᠷᠳᠡᠨᠢᠤᠪᠤᠭ᠎ᠠ ᠭᠠᠴᠠᠭ᠎ᠠ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠪᠡᠯᠡᠭᠯᠡᠬᠦ  ᠪᠠᠷ2020 ᠣᠨ ᠤ 6 ᠰᠠᠷ᠎ᠠ ᠶᠢᠨ29 ᠤ ᠡᠳᠥᠷ᠂31 ᠨᠠᠮ ᠤᠨ ᠭᠡᠰᠢᠭᠦᠨ ᠢᠶᠠᠨ ᠵᠤᠬᠢᠶᠠᠨ ᠪᠠᠶᠢᠭᠤᠯᠵᠥ᠂ ᠪᠤᠭᠤᠳᠥ ᠬᠤᠳᠠ ᠶᠢᠨ ᠨᠠᠮ ᠪᠠ ᠣᠯᠠᠨ ᠳᠥᠮᠡᠨ ᠤ ᠦᠢᠯᠡᠴᠢᠯᠡᠭᠡᠨ ᠤ ᠳᠥᠪ᠂ ᠬᠤᠪᠢᠰᠬᠠᠯᠳᠥ ᠳᠠᠶᠢᠨ ᠤ ᠦᠶ᠎ᠠ  ᠳᠤ ᠳᠤᠮᠳᠠᠳᠥ ᠤᠯᠤᠰ ᠤᠨ ᠡᠪ ᠬᠠᠮᠳᠥ ᠨᠠᠮ ᠤᠨ ᠪᠤᠭᠤᠳᠥ ᠳᠤ ᠬᠤᠪᠢᠰᠬᠠᠯᠳᠥ ᠠᠵᠢᠯᠯᠠᠭ᠎ᠠ ᠥᠷᠨᠢᠭᠦᠯᠬᠦ ᠨᠢᠭᠤᠴᠠ ᠬᠤᠯᠪᠤᠭ᠎ᠠ ᠠᠪᠬᠤ ᠴᠢᠬᠤᠯᠠ ᠳᠠᠯᠠᠪᠤᠷ ᠪᠤᠯᠬᠤ ︽ᠳᠤᠮᠳᠠᠳᠥ ᠤᠯᠤᠰ ᠤᠨ ᠡᠪ ᠬᠠᠮᠳᠥ ᠨᠠᠮ ᠤᠨ ᠪᠤᠭᠤᠳᠥ ᠶᠢᠨ ᠠᠵᠢᠯ ᠤᠨ ᠬᠤᠷᠢᠶ᠎ᠠ︾ ᠶᠢᠨ ᠬᠠᠭᠤᠴᠢᠨ ᠪᠠᠭᠤᠷᠢ᠂ ᠪᠤᠭᠤᠳᠥ ᠬᠤᠳᠠ ᠶᠢᠨ ᠡᠯ ᠽᠢ ᠮᠢᠬᠠᠨ ᠤ ᠦᠢᠯᠡᠰ ᠤᠨ ᠦᠷ᠎ᠡ ᠶᠢᠨ ᠭᠠᠭ᠋ᠠᠢ ᠳᠡᠵᠢᠭᠡᠬᠦ ᠰᠠᠭᠤᠷᠢᠨ ᠭᠠᠵᠠᠷ ᠪᠤᠯᠤᠨ ᠠᠭᠠᠷᠤᠳᠠᠢ ᠭᠠᠴᠠᠭᠠᠨ ᠤ ᠬᠠᠮᠳᠥ ᠶᠢᠨ ᠠᠵᠤ ᠠᠬᠤᠢ ᠶᠢᠨ ᠪᠠᠶᠢᠭᠠᠯᠢ ᠶᠢᠨ ᠷᠠᠰᠢᠶᠠᠨ ᠤᠰᠤᠨ ᠤ ᠦᠢᠯᠡᠳᠪᠥᠷᠢ ᠶᠢᠨ ᠳᠠᠰᠤᠭ ᠢᠶᠠᠷ ᠭᠥᠷᠴᠥ᠂ ᠬᠤᠪᠢᠰᠬᠠᠯᠳᠥ ᠰᠤᠷᠭᠠᠨ ᠬᠥᠮᠥᠵᠢᠯ ᠤᠨ ᠪᠣᠳᠠᠳᠠᠢ ᠬᠢᠴᠢᠶᠡᠯ ᠢᠶᠠᠷ ᠣᠯᠠᠨ ᠳᠤ ᠰᠢᠨ᠎ᠡ ᠶᠢ ᠡᠭᠦᠳᠬᠦ ᠬᠥᠭᠵᠢᠯᠳᠡ ᠶᠢᠨ ᠰᠡᠳᠬᠢᠮᠵᠢ ᠪᠠ ᠠᠮᠵᠢᠯᠳᠡ ᠲᠠᠢ ᠳᠤᠷᠰᠢᠯᠭ᠎ᠠ ᠶᠢ ᠰᠤᠷᠤᠯᠴᠠᠭᠤᠯᠵᠥ᠂ ᠨᠠᠮ ᠤᠨ ᠭᠡᠰᠢᠭᠦᠳ ᠢ ᠮᠣᠩᠭᠤᠯ ᠮᠤᠷᠢᠨ ᠤ ᠵᠣᠷᠢᠭ ᠰᠠᠨᠠᠭ᠎ᠠ  ᠪᠠᠨ ᠦᠷᠭᠦᠯᠵᠢᠯᠡᠨ ᠪᠠᠳᠠᠷᠠᠭᠤᠯᠵᠥ᠂ ᠬᠢᠯᠢ ᠬᠢᠵᠠᠭᠠᠷ ᠢᠶᠠᠨ ᠪᠥᠳᠥᠭᠡᠨ ᠪᠠᠶᠢᠭᠤᠯᠤᠨ ᠬᠥᠭᠵᠢᠭᠦᠯᠥᠨ ᠮᠠᠨᠳᠥᠭᠤᠯᠬᠤ ᠰᠢᠨ᠎ᠡ ᠳᠠᠨᠢᠯᠳᠡ ᠲᠠᠢ ᠪᠣᠯᠭᠠᠭᠰᠠᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号